︽ᠬᠠᠷᠠᠴᠢᠨ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠲᠠᠰ ᠬᠤᠪᠢᠶᠠᠨ ᠡᠶᠡᠳᠡᠭᠦᠯᠦᠨ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/1/2
  ︽ᠬᠠᠷᠠᠴᠢᠨ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠲᠠᠰ ᠬᠤᠪᠢᠶᠠᠨ ᠡᠶᠡᠳᠡᠭᠦᠯᠦᠨ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ  ᠨᠢᠭᠡ᠂ ︽ᠵᠢᠷᠤᠮᠵᠢᠭᠤᠯᠬᠤ︾ ᠶᠢᠨ ᠵᠣᠷᠢᠯᠭ᠎ᠠ ᠶᠢᠨ ᠠᠴᠢ ᠬᠤᠯᠪᠣᠭᠳᠠᠯ ᠨᠢ ᠶᠠᠭᠤ ᠪᠤᠢ︖  ᠬᠠᠷᠢᠭᠤᠯᠲᠠ᠄ ᠨᠡᠶᠢᠭᠡᠮ ᠲᠣᠭᠤᠷᠢᠭ ᠢᠶᠠᠷ ᠦᠨᠳᠦᠰᠦᠨ ᠨᠢᠭᠡᠴᠢ ᠪᠣᠯᠭᠠᠭᠰᠠᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠪᠠᠶᠢᠳᠠᠯ ᠤᠨ ᠳᠣᠤᠷᠠᠬᠢ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠰᠢᠢᠳᠪᠦᠷᠢᠯᠡᠬᠦ ᠠᠷᠢᠯᠭᠠᠬᠤ ᠠᠷᠭ᠎ᠠ ᠵᠠᠮ ᠢ ᠢᠳᠡᠪᠬᠢᠲᠡᠶ ᠰᠦᠪᠡᠭᠴᠢᠯᠡᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ ᠂ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢᠨ ᠬᠠᠷᠠᠴᠢᠨ ᠬᠡᠪᠯᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠶᠢᠨ ᠲᠥᠯᠥᠭᠡ ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠳᠤ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠵᠦ ᠂ ᠰᠢᠨ᠎ᠡ ᠴᠠᠭ ᠦᠶ᠎ᠡ ᠶᠢᠨ ︽ ᠹᠧᠩ ᠴᠢᠶᠣᠤ ᠶᠢᠨ ᠲᠤᠷᠰᠢᠯᠭ᠎ᠠ ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃  ᠬᠤᠶᠠᠷ᠂ ︽ᠵᠢᠷᠤᠮᠵᠢᠭᠤᠯᠬᠤ︾ ᠶᠢᠨ ᠬᠠᠷᠠᠯᠲᠠ ᠡᠭᠦᠷᠭᠡ ᠨᠢ ᠶᠠᠭᠤ ᠪᠤᠢ︖  ᠬᠠᠷᠢᠭᠤᠯᠲᠠ᠄ ᠬᠤᠲᠠ᠂ ᠰᠢᠶᠠᠨ᠂ ᠰᠢᠶᠠᠩ᠂ ᠨᠡᠶᠢᠭᠡᠮ ᠲᠣᠭᠤᠷᠢᠭ ᠤᠨ ᠬᠠᠷᠢᠯᠴᠠᠨ ᠨᠡᠪᠲᠡᠷᠡᠯᠴᠡᠭᠰᠡᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠭᠠᠵᠠᠷ ᠤᠨ ᠲᠥᠪ ᠢ ᠪᠦᠬᠦ ᠲᠠᠯ᠎ᠠ ᠪᠠᠷ ᠪᠠᠶᠢᠭᠤᠯᠵᠤ᠂ ᠬᠤᠲᠠ ᠶᠢᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠵᠢᠯ ᠤᠨ ᠲᠠᠪᠴᠠᠩ ᠪᠣᠯᠤᠭᠰᠠᠨ ᠤ ᠬᠤᠪᠢ ᠳᠤ᠂ ᠣᠯᠠᠨ ᠵᠦᠢᠯ ᠤᠨ ᠡᠯᠧᠮᠧᠨ᠋ᠲ ᠢ ᠨᠡᠶᠢᠯᠡᠭᠦᠯᠵᠦ᠂ ᠣᠯᠠᠨ ᠵᠦᠢᠯ ᠤᠨ ᠡᠬᠢ ᠪᠠᠶᠠᠯᠢᠭ ᠢ ᠬᠤᠷᠠᠮᠳᠤᠭᠤᠯᠵᠤ᠂ ᠨᠢᠭᠲᠠ ᠠᠪᠴᠠᠯᠳᠤᠭᠰᠠᠨ᠂ ᠵᠣᠬᠢᠴᠠᠯᠳᠤᠨ ᠬᠤᠯᠪᠣᠯᠳᠤᠭᠰᠠᠨ᠂ ᠥᠨᠳᠥᠷ ᠪᠦᠲᠦᠮᠵᠢᠲᠡᠶ ᠳᠥᠭᠦᠮ ᠳᠥᠲᠡ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠨᠢ ᠵᠦᠶ ᠵᠣᠬᠢᠰᠲᠠᠶ᠂ ᠭᠤᠣᠯ ᠴᠣᠭᠴᠠ ᠶᠢᠨ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠪᠠᠶᠢᠭᠤᠯᠤᠮᠵᠢ ᠲᠣᠭᠲᠠᠴᠠ ᠨᠢ ᠢᠯᠭᠤᠮ ᠰᠢᠯᠤᠭᠤᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠦᠢᠯᠡᠴᠢᠯᠡᠭᠡ ᠪᠠᠲᠤᠯᠠᠭ᠎ᠠ ᠨᠢ ᠬᠦᠴᠦᠲᠡᠶ ᠠᠵᠢᠯ ᠤᠨ ᠪᠠᠶᠢᠷᠢᠰᠢᠯ ᠢ ᠪᠤᠶ ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠢᠷᠭᠡᠨ ᠤ ᠬᠡᠷᠡᠭ ᠠᠴᠠ ᠡᠷᠡᠭᠦᠤ ᠶᠢᠨ ᠬᠡᠷᠡᠭ ᠪᠣᠯᠭᠠᠨ ᠬᠤᠪᠢᠷᠠᠭᠤᠯᠬᠤ᠂ ᠢᠷᠭᠡᠨ ᠤ ᠵᠠᠷᠭᠤ ᠶᠢᠨ ᠬᠡᠷᠡᠭ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠲᠤᠭ᠎ᠠ ᠬᠡᠮᠵᠢᠶ᠎ᠡ ᠢᠯᠡᠳᠲᠡ ᠪᠠᠭᠠᠰᠴᠤ᠂ ᠴᠢᠬᠤᠯᠠ ᠶᠡᠭᠡ ᠬᠠᠮᠲᠤᠯᠢᠭ ᠤᠨ ᠴᠢᠨᠠᠷᠲᠠᠶ ᠬᠡᠷᠡᠭ ᠶᠠᠪᠤᠳᠠᠯ᠂ ᠢᠷᠭᠡᠨ ᠤ ᠬᠡᠷᠡᠭ ᠠᠴᠠ ᠡᠷᠡᠭᠦᠤ ᠶᠢᠨ ᠬᠡᠷᠡᠭ ᠪᠣᠯᠭᠠᠨ ᠬᠤᠪᠢᠷᠠᠭᠤᠯᠬᠤ ᠬᠦᠨᠳᠦ ᠨᠣᠴᠢᠲᠠᠶ ᠬᠡᠷᠡᠭ ᠪᠠ ᠬᠤᠲᠠ ᠳᠤ ᠣᠴᠢᠵᠤ ᠥᠪᠡᠷᠲᠡᠭᠡᠨ ᠵᠠᠰᠠᠬᠤ ᠣᠷᠣᠨ ᠤ ᠪᠡᠭᠡᠵᠢᠩ ᠳᠤ ᠬᠦᠷᠴᠦ ᠳᠡᠭᠡᠭᠰᠢ ᠰᠤᠷᠪᠤᠯᠵᠢᠯᠠᠬᠤ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ︽ᠪᠠᠭ᠎ᠠ ᠶᠠᠪᠤᠳᠠᠯ ᠢ ᠭᠠᠴᠠᠭ᠎ᠠ ᠲᠣᠰᠬᠤᠨ ᠳᠤ ᠭᠠᠷᠭᠠᠬᠤ ᠥᠬᠡᠶ᠂ ᠶᠡᠭᠡ ᠶᠠᠪᠤᠳᠠᠯ ᠢ ᠪᠠᠯᠭᠠᠰᠤᠨ ᠳᠤ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ︾ ᠪᠠᠶᠢᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃  ᠭᠤᠷᠪᠠ᠂ ︽ᠵᠢᠷᠤᠮᠵᠢᠯ︾ ᠤᠨ ᠭᠤᠣᠯ ᠠᠭᠤᠯᠭ᠎ᠠ ᠨᠢ ᠶᠠᠭᠤ ᠪᠤᠢ︖  ᠬᠠᠷᠢᠭᠤᠯᠲᠠ᠄ ᠨᠢᠭᠡ ᠳᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠂ ᠬᠤᠶᠠᠷ ᠲᠤ ᠠᠵᠢᠯ ᠤᠨ ᠠᠷᠭ᠎ᠠ ᠪᠠᠷᠢᠯ ᠢᠶᠠᠨ ᠲᠣᠳᠣᠷᠬᠠᠶ ᠪᠣᠯᠭᠠᠬᠤ ᠬᠡᠷᠡᠭᠲᠡᠶ᠂ ᠭᠤᠷᠪᠠ ᠳᠤ᠂ ᠠᠵᠢᠯ ᠤᠨ ᠲᠡᠰ ᠳᠠᠷᠠᠭᠠᠯᠠᠯ ᠢ ᠲᠣᠳᠣᠷᠬᠠᠶᠢᠯᠠᠨ᠎ᠠ᠂ ᠲᠦᠷᠪᠡ ᠳᠤ ᠲᠦᠷᠢᠮ ᠲᠣᠭᠲᠠᠴᠠ ᠶᠢ ᠪᠦᠷᠢᠨᠰᠢᠬᠦᠯᠦᠨ᠎ᠠ᠃  ᠲᠦᠷᠪᠡ᠂ ︽ᠵᠢᠷᠤᠮᠵᠢᠯ︾ ᠤᠨ ᠬᠤᠯᠪᠣᠭᠳᠠᠬᠤ ᠬᠦᠷᠢᠶ᠎ᠡ ᠬᠡᠪᠴᠢᠶ᠎ᠡ ᠨᠢ ᠶᠠᠭᠤ ᠪᠤᠢ︖  ᠬᠠᠷᠢᠭᠤᠯᠲᠠ᠄ ᠪᠥᠬᠦ ᠬᠤᠲᠠ ᠶᠢᠨ ᠡᠯ᠎ᠡ ᠱᠠᠲᠤᠨ ᠤ ᠨᠠᠮ ︵ᠠᠵᠤᠦᠢᠯᠡᠳᠪᠦᠷᠢ ︶ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ ᠡᠯ᠎ᠡ ᠱᠠᠲᠤᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠦᠨ ᠡᠶᠡᠳᠡᠭᠦᠯᠬᠦ ᠭᠠᠵᠠᠷ ᠤᠨ ᠲᠥᠪ ᠪᠠ ᠡᠯ᠎ᠡ ᠱᠠᠲᠤᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠬᠦᠯᠦᠨ ᠡᠶᠡᠳᠡᠭᠦᠯᠬᠦ ᠭᠠᠵᠠᠷ ᠤᠨ ᠪᠦᠯᠬᠦᠮ ᠨᠡᠶᠢᠲᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号