ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2023/10/1
ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠤᠨ ᠲᠠᠶᠢᠯᠤᠮᠵᠢ  ᠨᠢᠭᠡ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠶᠢᠨ ᠵᠣᠷᠢᠯᠭ᠎ᠠ ᠨᠢ ᠶᠠᠭᠤ ᠪᠣᠶ︖  ᠠᠮᠢ ᠠᠬᠤᠶ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠬᠤ ᠶᠢᠨ ᠲᠥᠯᠥᠭᠡ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠠᠮᠢ ᠠᠬᠤᠶ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ︾ ︽ᠤᠯᠠᠭᠠᠨᠬᠠᠳᠠ ᠬᠤᠲᠠ ᠶᠢᠨ ᠮᠠᠯ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ︽ᠬᠠᠷᠠᠴᠢᠨ ᠬᠤᠰᠢᠭᠤᠨ ᠤ ᠮᠠᠯ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠃  ᠬᠤᠶᠠᠷ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠶᠢᠨ ᠬᠠᠷᠠᠯᠲᠠ ᠡᠭᠦᠷᠭᠡ ᠨᠢ ᠶᠠᠭᠤ ᠪᠣᠶ︖  ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠪᠣᠯ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠲᠣᠰ ᠵᠠᠰᠠᠭ ᠵᠠᠬᠢᠷᠭᠠᠨ ᠤ ᠣᠷᠣᠨ ︵ᠬᠠᠷᠢᠶ᠎ᠠ ᠣᠷᠣᠨ︶ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠪᠣᠯ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠶᠢᠨ ᠬᠠᠤᠯᠢ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠃ ᠭᠠᠴᠠᠭᠠᠨ ᠤ ᠠᠷᠠᠳ ᠤᠨ ᠵᠥᠪᠯᠡᠯ ᠥᠪᠡᠷ ᠢ ᠪᠠᠨ ᠬᠠᠮᠢᠶᠠᠷᠬᠤ᠂ ᠬᠠᠷᠢᠯᠴᠠᠨ ᠬᠢᠨᠠᠯᠲᠠ ᠲᠠᠯᠪᠢᠬᠤ ᠵᠠᠷᠴᠢᠮ ᠶᠣᠰᠣᠭᠠᠷ ᠲᠤᠰᠬᠠᠶ ᠵᠣᠬᠢᠶᠠᠨ ᠪᠠᠶᠢᠭᠤᠯᠤᠯᠲᠠ ᠪᠠ ᠬᠤᠯᠪᠣᠭᠳᠠᠯ ᠪᠦᠬᠦᠢ ᠲᠦᠷᠢᠮ ᠢ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ ᠬᠠᠮᠢᠶᠠᠷᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠬᠡᠷᠡᠭᠯᠡᠭᠴᠢ᠂ ᠳᠠᠭᠠᠭᠠᠴᠢᠯᠠᠨ ᠡᠵᠡᠩᠨᠡᠭᠴᠢ ᠪᠣᠯ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠭᠤᠤᠯ ᠴᠣᠭᠴᠠ ᠮᠥᠨ ᠪᠣᠯᠬᠤᠷ ᠣᠶᠢᠲᠤ ᠭᠠᠵᠠᠷ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠵᠤ ᠵᠦᠶ ᠵᠣᠬᠢᠰᠲᠠᠶ ᠠᠰᠢᠭᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠲᠦᠷᠢᠮ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠣᠶᠢᠲᠤ ᠭᠠᠵᠠᠷ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠶ᠃  ᠭᠤᠷᠪᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠶᠢᠨ ᠭᠤᠤᠯ ᠠᠭᠤᠯᠭ᠎ᠠ ᠨᠢ ᠶᠠᠭᠤ ᠪᠣᠶ︖      ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶  ᠨᠢᠭᠡᠳᠦᠭᠡᠷ ᠪᠦᠯᠦᠭ   ᠵᠡᠷᠦᠩᠬᠡᠶ ᠲᠦᠷᠢᠮ  ᠨᠢᠭᠡᠳᠦᠭᠡᠷ ᠵᠦᠢᠯ ︽ᠬᠠᠷᠠᠴᠢᠨ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠶᠢᠨ ᠵᠣᠷᠢᠯᠭ᠎ᠠ ᠶᠢᠨ ᠠᠴᠢ ᠬᠤᠯᠪᠣᠭᠳᠠᠯ  ᠬᠤᠶᠠᠳᠤᠭᠠᠷ ᠵᠦᠢᠯ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠪᠤᠶᠢᠵᠢᠭᠤᠯᠬᠤ ᠠᠵᠢᠯ ᠳᠤ ᠪᠥᠬᠦ ᠵᠢᠯ ᠳᠤ ᠪᠥᠬᠦ ᠬᠢᠯᠢ ᠬᠢᠵᠠᠭᠠᠷ ᠢ ᠪᠢᠲᠡᠭᠦᠮᠵᠢᠯᠡᠨ ᠴᠠᠭᠠᠵᠠᠯᠠᠬᠤ ᠶᠢ ᠬᠡᠷᠡᠭᠵᠢᠭᠦᠯᠦᠨ᠎ᠡ   ᠭᠤᠷᠪᠠᠳᠤᠭᠠᠷ ᠵᠦᠢᠯ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠭᠡᠷ᠂ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢᠨ ᠡᠭᠦᠷᠭᠡ ᠬᠠᠷᠢᠭᠤᠴᠠᠯᠭ᠎ᠠ᠃ ᠬᠤᠰᠢᠭᠤᠨ ᠣᠶ ᠰᠢᠭᠤᠶ ᠡᠪᠡᠰᠦ ᠪᠡᠯᠴᠢᠭᠡᠷ ᠦᠨ ᠵᠠᠰᠠᠭ ᠵᠠᠬᠢᠷᠭᠠᠨ ᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠪᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠲᠤᠰᠢᠶᠠᠯ ᠬᠠᠷᠢᠭᠤᠴᠠᠯᠭ᠎ᠠ᠃ ᠭᠠᠴᠠᠭᠠᠨ ᠤ ᠠᠷᠠᠳ ᠤᠨ ᠵᠥᠪᠯᠡᠯ ᠤᠨ ᠡᠭᠦᠷᠭᠡ ᠬᠠᠷᠢᠭᠤᠴᠠᠯᠭ᠎ᠠ᠃ ᠣᠶ ᠰᠢᠭᠤᠶ ᠨᠤᠲᠤᠭ ᠪᠡᠯᠴᠢᠭᠡᠷ ᠢ ᠬᠡᠷᠡᠭᠯᠡᠭᠴᠢ᠂ ᠳᠠᠭᠠᠭᠠᠴᠢᠯᠠᠨ ᠡᠵᠡᠩᠨᠡᠭᠴᠢ ᠶᠢᠨ ᠬᠠᠷᠢᠭᠤᠴᠠᠯᠭ᠎ᠠ᠃  ᠳᠥᠷᠪᠡᠳᠦᠭᠡᠷ ᠵᠦᠢᠯ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ᠃  ᠬᠤᠶᠠᠳᠤᠭᠠᠷ ᠪᠦᠯᠦᠭ   ᠪᠡᠯᠴᠢᠭᠡᠷᠯᠡᠭᠦᠯᠬᠦ ᠶᠢ ᠴᠠᠭᠠᠵᠠᠯᠠᠬᠤ  ᠲᠠᠪᠤᠳᠤᠭᠠᠷ ᠵᠦᠢᠯ ᠪᠥᠬᠦ ᠬᠤᠰᠢᠭᠤᠨ ᠤ ᠬᠡᠪᠴᠢᠶᠡᠨ ᠳᠤ ᠪᠣᠶ ᠪᠥᠬᠦᠶ ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ᠂ ᠠᠲᠠᠷ ᠭᠠᠵᠠᠷ ᠵᠡᠷᠭᠡ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠤᠨ᠎ᠠ᠃  ᠵᠢᠷᠭᠤᠳᠤᠭᠠᠷ ᠵᠦᠢᠯ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠣᠨᠣᠯᠵᠢᠬᠤᠨ ᠢ ᠬᠤᠪᠢᠷᠠᠭᠤᠯᠵᠤ᠂ ᠠᠷᠠᠴᠢᠯᠠᠨ ᠲᠡᠵᠢᠭᠡᠬᠦ ᠠᠷᠭ᠎ᠠ ᠮᠠᠶ᠋ᠢᠭ ᠢ ᠬᠤᠪᠢᠷᠠᠭᠤᠯᠤᠨ᠎ᠠ᠃  ᠳᠣᠯᠣᠳᠤᠭᠠᠷ ᠵᠦᠢᠯ ᠪᠥᠬᠦ ᠬᠤᠰᠢᠭᠤᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠ ᠵᠠᠰᠠᠭ ᠵᠠᠬᠢᠷᠭᠠᠨ ᠢᠶᠠᠷ ᠠᠬᠢᠭᠤᠯᠬᠤ ᠶᠢ ᠤᠶᠠᠯᠳᠤᠭᠤᠯᠬᠤ ᠠᠷᠭ᠎ᠠ ᠶᠢ ᠬᠡᠷᠡᠭᠯᠡᠨ᠎ᠡ᠃  ᠨᠠᠢᠮᠠᠳᠤᠭᠠᠷ ᠵᠦᠢᠯ ᠬᠦᠮᠦᠰ ᠤᠨ ᠮᠠᠯ ᠠᠵᠤ ᠠᠬᠤᠶ ᠨᠤᠲᠤᠭ ᠪᠡᠯᠴᠢᠭᠡᠷ ᠢ ᠬᠥᠭᠵᠢᠭᠦᠯᠬᠦ ᠳᠤ ᠠᠰᠢᠭᠲᠠᠶ ᠲᠦᠷᠦ ᠶᠢᠨ ᠪᠤᠳᠦᠯᠭ᠎ᠠ ᠶᠢ ᠠᠰᠢᠭᠯᠠᠨ᠂ ᠬᠥᠮᠦᠨ ᠤ ᠬᠦᠴᠦ ᠪᠠᠷ ᠡᠪᠡᠰᠦ ᠲᠡᠷᠢᠬᠤ ᠠᠵᠢᠯ ᠢ ᠶᠡᠬᠡᠪᠡᠷ ᠥᠷᠨᠢᠭᠦᠯᠵᠦ᠂ ᠤᠯᠡᠠ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠪᠡᠰᠦ ᠲᠡᠷᠢᠵᠦ ᠮᠡᠯ ᠲᠡᠵᠢᠭᠡᠯᠭᠡᠬᠦ ᠵᠡᠮ ᠢᠶᠠᠷ ᠵᠠᠮᠨᠠᠭᠤᠯᠤᠨ᠎ᠠ᠃  ᠶᠢᠰᠦᠳᠦᠭᠡᠷ ᠵᠦᠢᠯ ᠮᠠᠨ ᠤ ᠬᠤᠰᠢᠭᠤᠨ ᠤ ᠪᠣᠳᠠᠲᠠᠶ ᠳᠠᠭᠠᠨ ᠰᠠᠭᠤᠷᠢᠯᠠᠨ᠂ ᠮᠠᠯ ᠰᠦᠷᠦᠭ ᠤᠨ ᠡᠭᠦᠯᠳᠡᠷ ᠤᠨ ᠪᠦᠲᠦᠴᠡ ᠶᠢ ᠵᠣᠬᠢᠰᠲᠠᠶ ᠳᠣᠭᠢᠷᠠᠭᠤᠯᠤᠨ᠎ᠠ᠃  ᠠᠷᠪᠠᠳᠤᠭᠠᠷ ᠵᠦᠢᠯ ᠤᠯᠠᠨ ᠲᠠᠯ᠎ᠠ ᠠᠴᠠ ᠪᠡᠯᠡ ᠮᠥᠩᠭᠦ ᠴᠤᠭᠯᠠᠭᠤᠯᠵᠤ᠂ ᠬᠠᠰᠢᠶᠠᠯᠠᠨ ᠲᠡᠵᠢᠭᠡᠬᠦ ᠮᠠᠯ ᠠᠵᠤ ᠠᠬᠤᠶ ᠶᠢᠨ ᠬᠠᠲᠠᠭᠤ ᠬᠡᠷᠡᠭᠰᠡᠯ ᠦᠨ ᠪᠥᠳᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠨ᠎ᠡ᠃  ᠭᠤᠷᠪᠠᠳᠤᠭᠠᠷ ᠪᠦᠯᠦᠭ  ᠬᠠᠮᠢᠶᠠᠷᠴᠤ ᠬᠠᠮᠠᠭᠠᠯᠠᠬᠤ  ᠠᠷᠪᠠᠨ ᠨᠢᠭᠡᠳᠦᠭᠡᠷ ᠵᠦᠢᠯ ᠬᠤᠰᠢᠭᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ᠭᠤᠷᠪᠠᠨ ᠱᠠᠲᠤᠨ ᠤ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠨ᠎ᠡ᠃  ᠠᠷᠪᠠᠨ ᠬᠤᠶᠠᠳᠤᠭᠠᠷ ᠵᠦᠢᠯ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃  ᠠᠷᠪᠠᠨ ᠭᠤᠷᠪᠠᠳᠤᠭᠠᠷ ᠵᠦᠢᠯ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠨᠢᠭᠲᠠ ᠬᠠᠮᠵᠢᠯᠴᠠᠨ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠶ ᠰᠢᠭᠤᠶ ᠡᠪᠡᠰᠦ ᠪᠡᠯᠴᠢᠭᠡᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ ᠤᠯᠤᠰ ᠤᠨ ᠲᠥᠷᠥᠯ ᠵᠦᠢᠯ ᠤᠨ ᠲᠥᠯᠥᠪᠵᠢᠭᠦᠯᠭᠡ ᠳᠤ ᠣᠷᠣᠭᠤᠯᠵᠤ᠂ ᠲᠥᠷᠥᠯ ᠵᠦᠢᠯ ᠤᠨ ᠳᠡᠮᠵᠢᠯᠭᠡ ᠶᠢ ᠢᠳᠡᠪᠬᠢᠲᠡᠶ ᠣᠯᠭᠤᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠪᠠ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠬᠤ ᠬᠡᠷᠡᠭᠲᠡᠶ︔ ᠣᠷᠣᠨ ᠲᠣᠭᠠᠨ ᠤ ᠰᠠᠯᠠᠭ᠎ᠠ ᠮᠥᠴᠢᠷ ᠠᠴᠠ ᠬᠤᠰᠢᠭᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠬᠤᠶᠠᠷ ᠱᠠᠲᠤᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠵᠤ᠂ ᠠᠵᠢᠯ ᠤᠨ ᠪᠠᠶᠢᠷᠢ ᠪᠠ ᠠᠵᠢᠯᠲᠠᠨ ᠤ ᠲᠤᠭ᠎ᠠ ᠶᠢ ᠲᠤᠭᠲᠠᠭᠠᠨ᠎ᠠ︔  ᠠᠷᠪᠠᠨ ᠳᠥᠷᠪᠡᠳᠦᠭᠡᠷ ᠵᠦᠢᠯ ᠭᠠᠴᠠᠭᠠᠨ ᠤ ᠠᠷᠠᠳ ᠤᠨ ᠵᠥᠪᠯᠡᠯ ᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠬᠠᠮᠠᠭᠠᠯᠠᠯᠲᠠ ᠶᠢᠨ ᠭᠠᠴᠠᠭᠠᠨ ᠤ ᠲᠣᠭᠲᠠᠭᠠᠯ ᠠᠷᠠᠳ ᠤᠨ ᠭᠡᠷ᠎ᠡ ᠲᠣᠭᠲᠠᠭᠠᠵᠤ᠂ ᠣᠶᠢᠲᠤ ᠭᠠᠵᠠᠷ ᠢ ᠬᠡᠷᠡᠭᠯᠡᠭᠴᠢᠳ ᠲᠠᠢ ︽ᠣᠶᠢᠲᠤ ᠭᠠᠵᠠᠷ ᠢ ᠬᠠᠮᠠᠭᠠᠯᠠᠬᠤ ᠬᠡᠯᠡᠯᠴᠡᠭᠡᠷ︾ ᠢ ᠲᠣᠭᠲᠠᠭᠠᠬᠤ ᠬᠡᠷᠡᠭᠲᠡᠶ᠃  ᠳᠥᠷᠪᠡᠳᠦᠭᠡᠷ ᠪᠦᠯᠦᠭ   ᠰᠢᠳᠬᠡᠬᠦ  ᠠᠷᠪᠠᠨ ᠨᠠᠢᠮᠠᠳᠤᠭᠠᠷ ᠵᠦᠢᠯ ᠣᠶᠢᠲᠤ ᠭᠠᠵᠠᠷ ᠲᠤ ᠠᠲᠠᠷ ᠬᠠᠭᠠᠯᠪᠤᠷᠢᠯᠠᠭᠰᠠᠨ᠂ ᠡᠯᠡᠰᠦ ᠮᠠᠯᠲᠠᠭᠰᠠᠨ᠂ ᠰᠢᠷᠣᠶ ᠠᠪᠤᠭᠰᠠᠳ ᠤᠨ ᠪᠠᠭᠠᠵᠢ ᠬᠡᠷᠡᠭᠰᠡᠯ ᠢ ᠨᠢ ᠬᠤᠷᠢᠶᠠᠨ ᠠᠪᠤᠨ᠎ᠠ᠃  ᠠᠷᠪᠠ ᠶᠢᠰᠦᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠪᠡᠯ᠂ ᠳᠣᠣᠷᠠᠬᠢ ᠪᠠᠷᠢᠮᠵᠢᠶ᠎ᠠ ᠪᠠᠷ ᠰᠢᠳᠬᠡᠨ ᠲᠣᠷᠭᠠᠨ᠎ᠠ᠃  ᠨᠢᠭᠡ᠂ ᠬᠡᠭᠡᠷ᠎ᠡ ᠪᠡᠯᠴᠢᠭᠡᠷᠯᠡᠭᠦᠯᠦᠭᠰᠡᠳ᠃  ᠬᠤᠶᠠᠷ᠂ ᠰᠢᠨ᠎ᠡ ᠪᠠᠷ ᠪᠠᠶᠢᠭᠤᠯᠤᠭᠰᠠᠨ ᠤᠢ ᠰᠢᠭᠤᠶ ᠡᠪᠡᠰᠦ ᠪᠡᠯᠴᠢᠭᠡᠷ ᠤᠨ ᠢᠨᠵᠧᠨᠧᠷᠢᠩ ᠤᠨ ᠵᠦᠢᠯᠡᠰ ᠤᠨ ᠲᠣᠭᠤᠷᠢᠭ᠂ ᠵᠤᠯᠵᠠᠭ᠎ᠠ ᠮᠣᠳᠣᠨ ᠤ ᠭᠠᠵᠠᠷ᠂ ᠨᠡᠶᠢᠲᠡ ᠶᠢᠨ ᠠᠰᠠᠷᠠᠮᠵᠢ ᠶᠢᠨ ᠣᠶᠢᠲᠤ ᠭᠠᠵᠠᠷ᠂ ᠠᠵᠤ ᠠᠬᠤᠶ ᠶᠢᠨ ᠣᠶᠢᠲᠤ ᠭᠠᠵᠠᠷ ᠲᠤ ᠮᠠᠯ ᠬᠠᠷᠢᠭᠤᠯᠤᠭᠰᠠᠨ︔  ᠭᠤᠷᠪᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠣᠷᠣᠨ ᠳᠤ ᠮᠠᠯ ᠬᠠᠷᠢᠭᠤᠯᠤᠭᠰᠠᠨ︔  ᠲᠠᠪᠤᠳᠤᠭᠠᠷ ᠪᠦᠯᠦᠭ   ᠳᠠᠭᠠᠯᠳᠤᠭᠤᠯᠤᠯ ᠳᠦᠷᠢᠮ  ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠨᠢᠭᠡᠳᠦᠭᠡᠷ ᠪᠦᠯᠦᠭ ᠤᠨ ᠨᠢᠭᠡᠳᠦᠭᠡᠷ ᠵᠦᠢᠯ ᠳᠤ ᠬᠡᠯᠡᠵᠦ ᠪᠠᠶᠢᠭ᠎ᠠ ᠬᠤᠯᠪᠣᠭᠳᠠᠯ ᠪᠦᠬᠦᠢ ᠬᠠᠤᠯᠢ ᠴᠠᠭᠠᠵᠠ ᠭᠡᠳᠡᠭ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢ ᠬᠠᠮᠠᠭᠠᠯᠠᠬᠤ ᠬᠠᠤᠯᠢ︾ ᠶᠢ ᠵᠢᠭᠠᠵᠤ ᠪᠠᠶᠢᠨ᠎ᠠ᠃  ᠬᠤᠷᠢᠨ ᠲᠠᠪᠤᠳᠤᠭᠠᠷ ᠵᠦᠢᠯ ᠲᠣᠰ ᠠᠷᠭ᠎ᠠ ᠶᠢ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃  ᠬᠤᠷᠢᠨ ᠵᠢᠷᠭᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2011 ᠣᠨ ᠤ 11 ᠳ᠋ᠦᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠭᠰᠠᠨ ︽ᠬᠠᠷᠠᠴᠢᠨ ᠬᠤᠰᠢᠭᠤᠨ ᠤ ᠪᠢᠲᠡᠭᠦᠮᠵᠢᠯᠡᠨ ᠪᠤᠶᠢᠵᠢᠭᠤᠯᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠷᠭ᠎ᠠ︾ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号