ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠰᠢ ᠶᠢᠨ ᠫᠢᠩ ᠶᠡᠷᠦᠩᠬᠡᠶ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/10/11
     10 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠦᠭᠦ ᠺᠠᠳ᠋ᠷᠴᠤᠳ ᠤᠨ ᠰᠤᠷᠤᠯᠴᠠᠬᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ ᠢᠯᠡᠳᠬᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠵᠢᠭᠠᠪᠤᠷᠢ ᠨᠢ ᠥᠨᠳᠥᠷ ᠲᠤ ᠵᠣᠭᠰᠣᠨ ᠭᠤᠣᠯ ᠢ ᠨᠢ ᠠᠳᠬᠤᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ︔ ᠡᠨᠡ ᠤᠳᠠᠭᠠᠨ ᠤ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯᠳᠤᠭᠠᠨ ᠤ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠳᠤᠷᠠᠳᠤᠨ ᠭᠠᠷᠭᠠᠭᠰᠠᠨ ᠶᠠᠪᠤᠳᠠᠯ ᠪᠣᠯᠤᠨ᠎ᠠ ᠭᠡᠵᠠᠢ᠃ᠬᠤᠷᠠᠯ ᠠᠴᠠ ᠱᠠᠭᠠᠷᠳᠠᠭᠰᠠᠨ ᠨᠢ᠂ ᠪᠦᠬᠦ ᠺᠠᠳ᠋ᠷᠴᠤᠳ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠯᠠᠪᠳᠠᠭᠤᠨ ᠪᠠᠲᠤᠲᠠᠢ ᠰᠤᠳᠤᠯᠵᠤ᠂ ᠪᠣᠳᠠᠲᠠᠢ ᠶᠢ ᠡᠷᠬᠢᠮᠯᠡᠨ ᠬᠡᠷᠡᠭᠯᠡᠵᠦ᠂ ᠰᠢᠨ᠎ᠡ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠭᠡᠵᠠᠢ᠃     ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠺᠠᠳ᠋ᠷᠴᠤᠳ ᠰᠤᠷᠤᠯᠴᠠᠬᠤ ᠶᠢᠨ ᠳᠠᠭᠠᠤ ᠰᠠᠨᠠᠯ ᠢᠶᠠᠨ ᠰᠣᠯᠢᠯᠴᠠᠵᠤ᠂ ᠤᠯᠠᠨ ᠢᠶᠠᠷ ᠢᠶᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠤᠭᠰᠠᠨ ᠤ ᠬᠠᠮᠤᠭ ᠤᠨ ᠦᠨᠳᠦᠰᠦᠨ ᠰᠢᠯᠲᠠᠭᠠᠨ ᠨᠢ ᠳᠠᠷᠤᠢ ᠰᠢ ᠶᠢᠨ ᠫᠢᠩ ᠶᠡᠷᠦᠩᠬᠡᠢ ᠱᠦᠵᠢ ᠶᠢᠨ ᠵᠠᠮᠴᠢᠯᠠᠨ ᠵᠢᠯᠣᠭᠤᠳᠬᠤ ᠵᠠᠯᠠᠭᠤᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠲᠠᠢ ᠪᠠᠶᠢᠭᠰᠠᠨ ᠳᠤ ᠪᠠᠶᠢᠨ᠎ᠠ ᠭᠡᠵᠦ ᠰᠠᠨᠠᠯ ᠨᠢᠭᠡᠲᠡᠢ ᠦᠵᠡᠪᠡ᠃ ᠣᠳᠣᠬᠠᠨ ᠳᠤ ᠮᠠᠨ ᠤ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠂ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠨᠢ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠦᠢᠯᠡᠰ ᠤᠨ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号