ᠮᠠᠨ ᠤ ᠬᠤᠰᠢᠭᠤ ᠰᠧᠴᠤᠸᠠᠨ ᠮᠤᠵᠢ ᠳᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/10/13
     10 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠪᠠᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠳᠤᠭᠤᠢᠯᠠᠩ ᠳᠠᠭᠠᠭᠤᠯᠤᠨ ᠰᠧᠴᠤᠸᠠᠨ ᠤ ᠰᠢᠨ ᠶᠢᠨ ᠯᠦ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠠᠷᠠᠯᠵᠢᠶᠠᠴᠢᠨ ᠤᠷᠢᠬᠤ ᠠᠵᠢᠯ ᠥᠷᠨᠢᠭᠦᠯᠪᠡ᠃     ᠰᠠᠭᠤᠳᠠᠯ ᠤᠨ ᠬᠤᠷᠠᠯ ᠳᠡᠭᠡᠷ᠎ᠡ᠂ ᠰᠢᠨ ᠶᠢᠨ ᠯᠦ ᠪᠦᠯᠦᠭᠯᠡᠯ ᠤᠨ ᠶᠡᠷᠦᠩᠬᠡᠢ ᠵᠠᠬᠢᠷᠤᠭᠴᠢ ᠯᠢᠦ ᠵᠢᠶᠠᠩ ᠳ᠋ᠦᠩ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠬᠠᠶᠢᠯᠤᠭᠤᠷ ᠵᠣᠩᠰᠢ ᠶᠢᠨ ᠠᠵᠤ ᠦᠢᠯᠡᠰ ᠤᠨ ᠣᠳᠣᠬᠢ ᠪᠠᠶᠢᠳᠠᠯ᠂ ᠡᠬᠢ ᠪᠠᠶᠠᠯᠢᠭ ᠤᠨ ᠲᠠᠷᠬᠠᠯᠲᠠ᠂ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ᠂ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠵᠡᠷᠭᠡ ᠪᠠᠶᠢᠳᠠᠯ ᠤᠨ ᠲᠤᠬᠠᠢ ᠭᠦᠨᠵᠡᠭᠡᠢ ᠰᠣᠯᠢᠯᠴᠠᠵᠠᠢ᠃     ᠮᠠ ᠶᠦᠩ ᠭᠠᠩ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠬᠠᠶᠢᠯᠤᠭᠤᠷ ᠵᠣᠩᠰᠢ ᠶᠢᠨ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠬᠦ ᠨᠢ ᠬᠠᠷᠠᠴᠢᠨ ᠬᠤᠰᠢᠭᠤᠨ ᠤ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠭᠤᠷᠬᠠᠶ ᠶᠢᠨ ᠦᠢᠯᠡᠰ ᠤᠨ ᠠᠵᠤ ᠠᠬᠤᠶ ᠶᠢ ᠰᠠᠶᠢᠲᠤᠷ ᠬᠢᠬᠦ ᠳᠤ ᠲᠦᠢᠯ ᠤᠨ ᠴᠢᠬᠤᠯᠠ ᠪᠠᠶᠢᠳᠠᠭ᠃ ᠬᠠᠷᠠᠴᠢᠨ ᠬᠤᠰᠢᠭᠤᠨ ᠤ ᠬᠠᠶᠢᠯᠤᠭᠤᠷ ᠵᠣᠩᠰᠢ ᠶᠢᠨ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠵᠠᠮ ᠬᠠᠷᠢᠯᠴᠠᠭᠠᠨ ᠤ ᠨᠥᠬᠦᠴᠡᠯ ᠲᠥᠬᠦᠮ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠢᠷᠡᠭᠡᠳᠦᠶ ᠥᠷᠭᠡᠨ ᠠᠭᠤᠳᠠᠮ᠂ ᠢᠳᠡᠪᠬᠢᠲᠡᠶ ᠪᠠᠷ ᠨᠡᠪᠲᠡᠷᠡᠯᠴᠡᠵᠦ᠂ ᠵᠣᠯᠭᠠᠯᠴᠠᠭ᠎ᠠ ᠪᠠᠨ ᠴᠢᠩᠭᠠᠳᠬᠠᠨ᠂ ᠬᠠᠶᠢᠯᠤᠭᠤᠷ ᠵᠣᠩᠰᠢ ᠶᠢᠨ ᠠᠵᠤ ᠦᠢᠯᠡᠰ ᠵᠡᠷᠭᠡ ᠬᠠᠮᠢᠶ᠎ᠠ ᠪᠥᠬᠦᠶ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠲᠠᠰ ᠳᠡᠪᠰᠢᠬᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠨᠢᠭᠲᠠ ᠤᠯᠤᠯᠴᠠᠭ᠎ᠠ ᠬᠠᠷᠢᠯᠴᠠᠭ᠎ᠠ ᠪᠠᠨ ᠪᠠᠲᠤᠯᠠᠵᠤ᠂ ᠲᠦᠷᠭᠡᠨ ᠪᠣᠳᠠᠲᠠᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠦᠨ᠎ᠡ ᠭᠡᠵᠠᠢ᠃     ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ᠂ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠣᠷᠣᠯᠴᠠᠵᠠᠶ  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号