2023 ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ( ᠤᠯᠠᠭᠠᠨᠬᠠᠳᠠ )  ᠤᠨ ᠬᠥᠳᠡᠭᠡ ᠠᠵᠤ ᠠᠬᠤᠶ ᠰᠣᠶᠣᠯ ᠵᠢᠭᠤᠯᠴᠢᠯᠠᠯ ᠡᠷᠡᠭᠦᠯᠵᠢᠯ ᠠᠰᠠᠷᠠᠮᠵᠢ ᠶᠢᠨ ᠠᠵᠤ ᠦᠶᠯᠡᠰ ᠦᠨ ᠰᠢᠨ᠎ᠡ ᠶᠢ ᠡᠭᠦᠳᠦᠨ ᠬᠥᠭᠵᠢᠬᠦ ᠶᠡᠬᠡ ᠬᠤᠷᠠᠯ ᠦᠪᠡᠳᠡᠭᠰᠢ ᠶᠡᠬᠡ ᠪᠡᠷ ᠬᠤᠷᠠᠯᠳᠤᠪᠠ
ᠨᠡᠶᠢᠲᠡᠯᠡᠭᠰᠡᠨ ᠴᠠᠭ᠄
2023/10/18
     10 ᠰᠠᠷ᠎ᠠ ᠶᠢᠨ 18 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠤᠬᠠᠭᠠᠨ ᠪᠠ ᠨᠠᠰᠤᠲᠠᠶᠢᠴᠤᠳ ᠤᠨ ᠠᠨᠠᠭᠠᠬᠤ ᠤᠬᠠᠭᠠᠨ ᠤ ᠨᠡᠶᠢᠭᠡᠮᠯᠢᠭ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠪᠡᠭᠡᠵᠢᠩ ᠤᠨ ᠬᠤᠩ ᠹᠦ᠋ ᠪᠦᠯᠦᠭᠯᠡᠯ ᠠᠴᠠ ᠭᠤᠤᠯᠯᠠᠨ ᠡᠷᠭᠢᠯᠡᠵᠦ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠭᠰᠡᠨ ︽2023 ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠤᠯᠠᠭᠠᠨᠬᠠᠳᠠ︶ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠡᠭᠡ ᠬᠤᠷᠠᠯ︾ ᠤᠯᠠᠭᠠᠨᠬᠠᠳᠠ ᠳᠤ ᠬᠤᠷᠠᠯᠳᠤᠪᠠ᠃     ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠳᠡᠳ᠋ ᠡᠷᠬᠢᠯᠡᠭᠴᠢ ᠸᠠᠩ ᠵᠢᠶᠠᠨ ᠵᠢᠶᠦ᠋ᠨ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠳᠡᠳ᠋ ᠲᠣᠪᠴᠢᠶᠠᠨ ᠳᠠᠷᠤᠭ᠎ᠠ ᠵᠣᠣ ᠰᠢᠶᠤᠤ ᠭᠤᠸᠠᠩ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠰᠤᠳᠤᠯᠤᠯ ᠪᠣᠯᠤᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠨᠡᠶᠢᠭᠡᠮᠯᠢᠭ ᠤᠨ ᠳᠠᠷᠤᠭ᠎ᠠ ᠯᠢᠦ ᠸᠧᠶ ᠯᠢᠨ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠰᠤᠳᠤᠯᠤᠯ ᠪᠣᠯᠤᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ᠂ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠬᠤᠸᠠᠩ ᠹᠦ᠋ ᠱᠦᠶ ᠵᠢᠴᠢ ᠪᠡᠭᠡᠵᠢᠩ ᠬᠤᠲᠠ᠂ ᠲᠢᠶᠠᠨᠵᠢᠨ ᠬᠤᠲᠠ᠂ ᠾᠧᠪᠧᠢ ᠮᠤᠵᠢ᠂ ᠬᠠᠷᠠᠮᠥ᠋ᠷᠡᠨ ᠮᠤᠵᠢ᠂ ᠭᠢᠷᠢᠨ ᠮᠤᠵᠢ᠂ ᠯᠢᠶᠣᠤᠨᠢᠩ ᠮᠤᠵᠢ ᠵᠡᠷᠭᠡ ᠭᠠᠵᠠᠷ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠤ ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠬᠥᠩ ᠸᠧᠶ ᠴᠦᠨ᠂ ᠡᠳ᠋ ᠤᠨ ᠵᠠᠰᠠᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠸᠠᠩ ᠹᠧᠩ ᠴᠢ᠂ ᠬᠤᠲᠠ ᠶᠢᠨ ᠤᠳᠤᠷᠢᠳᠤᠯᠭ᠎ᠠ ᠴᠢᠶᠣᠤ ᠰᠢᠤᠸᠠᠢ ᠹᠧᠩ᠂ ᠮᠦᠩᠬᠡᠲᠠᠯᠠᠢ᠂ ᠬᠠᠨ ᠶᠦᠩ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠵᠡᠷᠭᠡ ᠬᠡᠷ ᠲᠡᠭᠡᠨ ᠪᠠᠶᠢᠭ᠎ᠠ ᠬᠤᠰᠢᠭᠤᠨ ᠤ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠠ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠥ ᠬᠤᠷᠠᠯ ᠡᠷᠭᠢᠯᠡᠪᠡ᠃     ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢᠶᠣᠤ ᠰᠢᠤᠸᠠᠢ ᠹᠧᠩ ᠂ ᠳᠤᠮᠳᠠᠳᠤ ᠤᠯᠤᠰ ᠤᠨ ᠨᠠᠰᠤᠲᠠᠶᠢᠴᠤᠳ ᠤᠨ ᠰᠤᠳᠤᠯᠤᠯ ᠪᠠ ᠨᠠᠰᠤᠲᠠᠶᠢᠴᠤᠳ ᠤᠨ ᠠᠨᠠᠭᠠᠬᠤ ᠤᠬᠠᠭᠠᠨ ᠤ ᠨᠡᠶᠢᠭᠡᠮᠯᠢᠭ ᠤᠨ ᠳᠠᠷᠤᠭ᠎ᠠ ᠯᠢᠦ ᠸᠧᠶ ᠯᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠬᠥᠩ ᠸᠧᠶ ᠴᠦᠨ᠂ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠬᠤᠸᠠᠩ ᠹᠦ᠋ ᠱᠦᠶ ᠤᠷᠢᠳ ᠬᠤᠵᠢᠳ ᠪᠠᠶᠠᠷ ᠤᠨ ᠦᠭᠡ ᠬᠡᠯᠡᠵᠡᠶ᠃ ᠶᠠᠩ ᠮᠥ᠂ ᠹᠠᠩ ᠷᠦᠢ ᠲᠣᠰ ᠲᠣᠰ ᠤᠯᠠᠭᠠᠨᠬᠠᠳᠠ ᠬᠤᠲᠠ᠂ ᠬᠠᠷᠠᠴᠢᠨ ᠬᠤᠰᠢᠭᠤᠨ ᠤ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠡᠷᠡᠭᠦᠯᠵᠢᠯ ᠠᠰᠠᠷᠠᠮᠵᠢ ᠶᠢᠨ ᠠᠵᠤ ᠦᠢᠯᠡᠰ ᠤᠨ ᠲᠣᠭᠤᠷᠢᠨ ᠳᠤ ᠭᠤᠤᠯ ᠰᠡᠳᠦᠪᠲᠦ ᠲᠠᠨᠢᠯᠴᠠᠭᠤᠯᠭ᠎ᠠ ᠬᠢᠪᠠ᠃     ᠴᠢᠶᠣᠤ ᠰᠢᠤᠸᠠᠢ ᠹᠧᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠤᠯᠠᠭᠠᠨᠬᠠᠳᠠ ᠶᠢᠨ ᠠᠭᠤᠷ ᠠᠮᠢᠰᠬᠤᠯ ᠲᠠᠭᠠᠯᠠᠮᠵᠢᠲᠠᠶ᠂ ᠵᠠᠮ ᠬᠠᠷᠢᠯᠴᠠᠭ᠎ᠠ ᠳᠥᠭᠦᠮ᠂ ᠲᠠᠷᠢᠶᠠᠯᠠᠩ ᠤᠨ ᠡᠬᠢ ᠪᠠᠶᠠᠯᠢᠭ ᠡᠯᠪᠡᠭ ᠳᠡᠯᠪᠡᠭ᠂ ᠲᠡᠤᠬᠡ ᠰᠣᠶᠣᠯ ᠥᠨᠢ ᠤᠳᠠᠭᠠᠨ᠂ ᠥᠩᠭᠡ ᠦᠵᠡᠮᠵᠢ ᠭᠤᠶᠢᠳᠠ ᠰᠠᠶᠢᠬᠠᠨ ᠥᠪᠡᠷᠮᠢᠴᠡ ᠣᠨᠴᠠᠯᠢᠭ ᠲᠠᠢ ᠪᠠᠶᠢᠳᠠᠭ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ︽ᠡᠷᠡᠭᠦᠯᠵᠢᠯ ᠰᠤᠪᠢᠯᠠᠯᠲᠠ +︾ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠶᠡᠬᠡᠪᠡᠷ ᠠᠬᠢᠭᠤᠯᠵᠤ᠂ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠠᠵᠤ ᠦᠢᠯᠡᠰ ᠤᠨ ᠠᠮᠢ ᠠᠬᠤᠶ ᠶᠢ ᠪᠦᠷᠢᠨᠰᠢᠬᠦᠯᠵᠦ᠂ ᠡᠷᠡᠭᠦᠯᠵᠢᠯ ᠰᠤᠪᠢᠯᠠᠯᠲᠠ ᠶᠢᠨ ᠪᠦᠲᠦᠭᠡᠭᠳᠡᠬᠦᠨ ᠤ ᠲᠤᠭ᠎ᠠ ᠬᠡᠮᠵᠢᠶ᠎ᠡ ᠠᠴᠠ ᠶᠠᠰᠤ ᠴᠢᠨᠠᠷ᠂ ᠲᠦᠷᠭᠡᠨ ᠠᠴᠠ ᠬᠦᠴᠦᠷᠬᠡᠭ᠂ ᠪᠦᠳᠦᠭᠦᠯᠢᠭ ᠠᠴᠠ ᠨᠠᠷᠢᠯᠢᠭ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠤᠯᠠᠭᠠᠨᠬᠠᠳᠠ ᠶᠢᠨ ᠣᠨᠴᠠᠯᠢᠭ ᠲᠠᠢ ᠬᠦᠳᠡᠭᠡ ᠲᠤᠰᠬᠤᠨ ᠤ ᠰᠣᠶᠣᠯ ᠵᠢᠭᠤᠯᠴᠢᠯᠠᠯ ᠡᠷᠡᠭᠦᠯᠵᠢᠯ ᠶᠢᠨ ᠰᠢᠨ᠎ᠡ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃     ᠯᠢᠦ ᠸᠧᠶ ᠯᠢᠨ ᠪᠠᠶᠠᠷ ᠤᠨ ᠦᠭᠡ ᠬᠡᠯᠡᠬᠦ ᠳᠡᠭᠡᠨ᠂ ᠳᠤᠮᠳᠠᠳᠤ ᠶᠢᠨ ᠤᠷᠠᠯᠢᠭ ᠤᠨ ᠨᠤᠲᠤᠭ ᠤᠯᠠᠭᠠᠨᠬᠠᠳᠠ ᠣᠳᠣ ᠨᠢᠭᠡᠨᠲᠡ ᠴᠡᠴᠡᠭᠯᠡᠨ ᠬᠥᠭᠵᠢᠭᠰᠡᠨ ᠬᠦᠳᠡᠭᠡ ᠲᠤᠰᠬᠤᠨ ᠤ ᠰᠣᠶᠣᠯ ᠤᠨ ᠵᠢᠭᠤᠯᠴᠢᠯᠠᠯ ᠤᠨ ᠠᠷᠢᠭᠤᠨ ᠣᠷᠣᠨ ᠪᠣᠯᠵᠤ᠂ ᠬᠦᠳᠡᠭᠡ ᠲᠤᠰᠬᠤᠨ ᠤ ᠰᠣᠶᠣᠯ ᠤᠨ ᠵᠤᠭᠠᠴᠠᠯ ᠤᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠨᠢ ᠤᠯᠠᠨ ᠠᠴᠠ ᠣᠨᠴᠠᠭᠠᠢ ᠳᠠᠪᠠᠭᠤᠯᠢᠭ ᠪᠠ ᠴᠢᠬᠤᠯᠠ ᠠᠴᠢ ᠬᠤᠯᠪᠣᠭᠳᠠᠯ ᠲᠠᠢ ᠶᠤᠮ᠂ ᠲᠠᠷᠢᠶᠠᠯᠠᠩ ᠢᠶᠠᠷ ᠰᠠᠭᠤᠷᠢ ᠪᠣᠯᠭᠠᠵᠤ᠂ ᠰᠣᠶᠣᠯ ᠢᠶᠠᠷ ᠰᠦᠭ ᠰᠦᠨᠡᠰᠦ ᠪᠣᠯᠭᠠᠵᠤ᠂ ᠵᠤᠭᠠᠴᠠᠯ ᠢᠶᠠᠷ ᠵᠠᠭᠤᠴᠢ ᠪᠣᠯᠭᠠᠵᠤ᠂ ᠡᠷᠡᠭᠦᠯᠵᠢᠯ ᠰᠤᠪᠢᠯᠠᠯᠲᠠ ᠪᠠᠷ ᠲᠤᠯᠭᠠᠭᠤᠷᠢᠯᠠᠯ ᠪᠣᠯᠭᠠᠵᠤ᠂ ᠣᠷᠭᠠᠨᠢᠭ ᠢᠶᠠᠷ ᠤᠶᠠᠯᠳᠤᠭᠰᠠᠨ᠂ ᠬᠠᠷᠢᠯᠴᠠᠨ ᠳᠡᠮᠵᠢᠭᠰᠡᠨ ᠬᠠᠮ ᠬᠡᠯᠪᠡᠷᠢ ᠶᠢᠨ ᠠᠵᠤ ᠦᠢᠯᠡᠰ ᠢ ᠪᠦᠷᠢᠯᠳᠦᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠵᠦ᠂ ᠮᠠᠰᠢ ᠰᠠᠶᠢᠨ ᠵᠢᠱᠢᠶ᠎ᠡ ᠦᠵᠡᠭᠦᠯᠪᠡ᠃ ᠲᠤᠰ ᠤᠳᠠᠭ᠎ᠠ ᠶᠢᠨ ᠶᠡᠭᠡ ᠬᠤᠷᠠᠯ ᠢᠶᠠᠷ ᠳᠠᠮᠵᠢᠨ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠵᠤᠭᠠᠴᠠᠯ ᠡᠷᠡᠭᠦᠯ ᠬᠠᠮᠠᠭᠠᠯᠠᠯ ᠨᠠᠰᠤᠵᠢᠯ ᠤᠨ ᠠᠭᠤᠰᠤᠯᠴᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠬᠥᠩ ᠸᠧᠶ ᠴᠦᠨ ᠪᠠᠶᠠᠷ ᠤᠨ ᠦᠭᠡ ᠬᠡᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠨᠠᠰᠤᠵᠢᠯ ᠤᠨ ᠦᠢᠯᠡᠴᠢᠯᠡᠭᠡ ᠪᠠ ᠵᠤᠭᠠᠴᠠᠨ ᠰᠠᠭᠤᠬᠤ ᠡᠷᠡᠭᠦᠯ ᠮᠡᠨᠳᠦ ᠶᠢᠨ ᠨᠡᠭᠡᠭᠡᠨ ᠬᠥᠭᠵᠢᠭᠦᠯᠦᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠦᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠤᠷᠢᠳ ᠬᠤᠵᠢᠳ ᠨᠡᠶᠢᠲᠡᠯᠡᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠥᠷᠭᠡᠳᠬᠡᠨ ᠪᠠᠶᠢᠭᠤᠯᠬᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠠᠩᠰᠠ ᠡᠪᠬᠡᠮᠡᠯ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠲᠦᠷᠭᠡᠪᠴᠢᠯᠡᠨ ᠠᠬᠢᠭᠤᠯᠵᠤ᠂ ᠠᠵᠤ ᠠᠬᠤᠶᠢᠯᠠᠯᠲᠠᠳ ᠥᠪᠥᠷ ᠮᠣᠩᠭᠤᠯ ᠢ ᠠᠩᠬᠠᠷᠴᠤ᠂ ᠥᠪᠥᠷ ᠮᠣᠩᠭᠤᠯ ᠢ ᠣᠶᠢᠯᠠᠭᠠᠵᠤ᠂ ᠥᠪᠥᠷ ᠮᠣᠩᠭᠤᠯ ᠳᠤ ᠣᠴᠢᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃     ᠬᠤᠸᠠᠩ ᠹᠦ᠋ ᠱᠦᠢ ᠢᠯᠡᠳᠬᠡᠭᠰᠡᠨ  ᠨᠢ᠂ ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠰᠣᠶᠣᠯ ᠤᠨ ᠵᠤᠭᠠᠴᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠵᠤ ᠠᠬᠤᠶᠢᠯᠠᠯ ᠤᠨ ᠪᠤᠳᠤᠯᠭ᠎ᠠ ᠶᠢ ᠪᠣᠳᠣᠯᠬᠢᠯᠠᠵᠤ᠂ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠠᠷᠰᠢᠯᠠᠯ ᠢ ᠠᠷᠢᠯᠭᠠᠨ ᠬᠦᠴᠢᠷᠳᠡᠯ ᠢ ᠰᠢᠢᠳᠪᠦᠷᠢᠯᠡᠵᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠵᠤ᠂ ᠠᠵᠢᠯ ᠡᠬᠢᠯᠡᠭᠦᠯᠬᠦ ᠶᠢ ᠬᠦᠯᠢᠶᠡᠨ ᠠᠪᠬᠤ ᠳᠤ 120 ᠡᠳᠦᠷ ᠯᠡ ᠬᠡᠷᠡᠭᠯᠡᠵᠦ᠂ ᠥᠪᠥᠷ ᠮᠣᠩᠭᠤᠯ ᠤᠨ ᠬᠤᠷᠳᠤᠴᠠ ᠪᠣᠯᠤᠨ ᠤᠯᠠᠭᠠᠨᠬᠠᠳᠠ ᠶᠢᠨ ᠦᠷ᠎ᠡ ᠠᠰᠢᠭ ᠢ ᠬᠠᠷᠠᠭᠤᠯᠵᠠᠢ᠃ ᠪᠦᠯᠦᠭᠯᠡᠯ ᠤᠨ ᠬᠢᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠲᠠᠯ᠎ᠠ ᠪᠠᠷ᠂ ᠪᠡᠯᠡ ᠣᠷᠣᠭᠤᠯᠤᠯᠲᠠ ᠶᠢᠨ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠨ᠎ᠠ ᠭᠡᠵᠦ ᠵᠢᠭᠠᠵᠤ ᠭᠠᠷᠭᠠᠪᠠ᠃     ᠶᠠᠩ ᠮᠥ ᠤᠯᠠᠭᠠᠨᠬᠠᠳᠠ ᠬᠤᠲᠠ ᠶᠢᠨ ᠬᠦᠳᠡᠭᠡ ᠲᠤᠰᠬᠤᠨ ᠤ ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠲᠣᠭᠤᠷᠢᠨ ᠳᠤ ᠭᠤᠤᠯ ᠰᠡᠳᠦᠪᠲᠦ ᠲᠠᠨᠢᠯᠴᠠᠭᠤᠯᠭ᠎ᠠ ᠬᠢᠬᠦ ᠳᠡᠭᠡᠨ᠂ ᠤᠯᠠᠭᠠᠨᠬᠠᠳᠠ ᠬᠤᠲᠠ ᠶᠢᠨ ᠲᠡᠤᠬᠡ ᠰᠣᠶᠣᠯ ᠥᠨᠢ ᠤᠳᠠᠭᠠᠨ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ ᠪᠠᠶᠢᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠥᠷᠨᠢᠨ ᠬᠥᠭᠵᠢᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠥᠷᠨᠢᠨ ᠬᠥᠭᠵᠢᠵᠦ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠡᠭᠦᠨ ᠤ ᠬᠠᠮᠲᠤ ᠤᠯᠠᠭᠠᠨᠬᠠᠳᠠ ᠬᠤᠲᠠ ᠶᠢᠨ ᠬᠡᠷᠡᠭᠵᠢᠭᠦᠯᠵᠦ ᠪᠠᠶᠢᠭ᠎ᠠ 3 ᠲᠦᠷᠦᠯ ᠤᠨ ᠬᠦᠳᠡᠭᠡ ᠲᠤᠰᠬᠤᠨ ᠤ ᠰᠣᠶᠣᠯ ᠵᠤᠭᠠᠴᠠᠯ ᠤᠨ ᠡᠷᠡᠭᠦᠯ ᠮᠡᠨᠳᠦ ᠶᠢ ᠬᠠᠮᠠᠭᠠᠯᠠᠬᠤ ᠠᠵᠤ ᠦᠢᠯᠡᠰ ᠤᠨ ᠲᠦᠷᠦᠯ ᠵᠦᠢᠯ ᠢ ᠭᠤᠣᠯᠳᠠᠯᠭ᠎ᠠ ᠲᠠᠢ ᠲᠠᠨᠢᠯᠴᠠᠭᠤᠯᠪᠠ᠃     ᠹᠠᠩ ᠷᠦᠢ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤᠨ ᠤ ᠪᠥᠬᠦ ᠬᠢᠯᠢ ᠶᠢᠨ ᠣᠶ ᠰᠢᠭᠤᠶ ᠶᠢᠨ ᠲᠠᠯᠠᠪᠠᠶ 275 ᠲᠦᠮᠡᠨ ᠮᠥ ᠪᠠᠶᠢᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 57 . 8 % ᠳᠤ ᠬᠦᠷᠴᠦ᠂ ᠪᠥᠬᠦ ᠬᠤᠲᠠ ᠶᠢᠨ ᠬᠠᠮᠤᠭ ᠤᠨ ᠥᠨᠳᠥᠷ ᠬᠡᠮᠵᠢᠶᠡᠨ ᠳᠤ ᠬᠦᠷᠴᠦ᠂ ᠤᠷᠢᠳ ᠬᠤᠵᠢᠳ ︽ᠤᠯᠤᠰ ᠤᠨ ᠪᠥᠬᠦ ᠬᠡᠪᠴᠢᠶᠡᠨ ᠤ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠶᠠᠨ︾᠂ ᠪᠥᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠤᠲᠠ︾ ᠵᠡᠷᠭᠡ ᠢᠷᠠᠭᠤ ᠠᠯᠳᠠᠷ ᠢ ᠭᠥᠷᠳᠡᠵᠦ᠂ ᠮᠠ ᠠᠨ ᠱᠠᠨ ᠣᠶ ᠰᠢᠭᠤᠶ ᠶᠢᠨ ᠲᠠᠯᠠᠪᠠᠶ᠂ ᠸᠠᠩ ᠤᠨ ᠣᠷᠳᠣᠨ ᠤ ᠣᠶ ᠰᠢᠭᠤᠶ ᠶᠢᠨ ᠲᠠᠯᠠᠪᠠᠶ ᠶᠢ ︽ᠤᠯᠤᠰ ᠤᠨ ᠲᠠᠰ ᠤᠨ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠲᠤᠷᠰᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠭᠠᠵᠠᠷ︾ ᠢᠶᠠᠷ ᠮᠠᠭᠠᠳᠯᠠᠨ ᠲᠣᠭᠲᠠᠭᠠᠵᠤ᠂ ᠮᠧᠶ ᠯᠢᠨ ᠬᠥ᠋ ᠶᠢ ᠥᠪᠥᠷ ᠮᠣᠩᠭᠤᠯ ᠤᠨ ᠠᠵᠢᠯᠲᠠᠨ ᠠᠵᠢᠯᠴᠢᠨ ︵ᠬᠥᠳᠡᠯᠮᠦᠷᠢ ᠶᠢᠨ ᠵᠢᠱᠢᠶᠡᠴᠢ︶ ᠤ ᠰᠤᠪᠢᠯᠠᠯᠲᠠ ᠶᠢᠨ ᠰᠠᠭᠤᠷᠢᠨ ᠭᠠᠵᠠᠷ ᠢᠶᠠᠷ ᠦᠨᠡᠯᠡᠭᠳᠡᠪᠡ  ᠃ ᠥᠪᠡᠷᠮᠢᠴᠡ ᠣᠨᠴᠠᠯᠢᠭ ᠪᠦᠬᠦᠢ ᠰᠣᠶᠣᠯ ᠵᠢᠭᠤᠯᠴᠢᠯᠠᠯ ᠡᠷᠡᠭᠦᠯ ᠮᠡᠨᠳᠦ ᠰᠤᠪᠢᠯᠠᠯᠲᠠ ᠶᠢᠨ ᠡᠬᠢ ᠪᠠᠶᠠᠯᠢᠭ ᠲᠤ ᠲᠦᠰᠢᠭᠯᠡᠨ᠂ ︽ᠤᠯᠤᠰ ᠤᠨ ᠲᠡᠰ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠣᠷᠣᠨ︾ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠰᠢᠨ᠎ᠡ ᠰᠡᠪᠡᠬᠦᠨ ᠬᠠᠷᠠᠴᠢᠨ᠂ ᠡᠷᠡᠭᠦᠯ ᠡᠩᠬᠡ ᠠᠮᠢ ᠠᠬᠤᠢ ᠶᠢᠨ ᠵᠢᠭᠤᠯᠴᠢᠯᠠᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠵᠢᠷᠭᠤᠭᠠᠨ ᠶᠡᠭᠡ ᠭᠤᠣᠯᠯᠠᠭᠴᠢ ᠦᠵᠡᠮᠵᠢ ᠶᠢᠨ ᠣᠷᠣᠨ ᠪᠠ 20 ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢ ᠪᠠᠶᠢᠭᠤᠯᠪᠠ᠃ ᠤᠷᠢᠳ ᠬᠤᠵᠢᠳ ︽ᠪᠥᠬᠦ ᠤᠯᠤᠰ ᠤᠨ ᠣᠶ ᠰᠢᠭᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ︾᠂ ︽ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ︾᠂ ︽ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠵᠡᠷᠭᠡ ᠢᠷᠠᠭᠤ ᠠᠯᠳᠠᠷ ᠢ ᠭᠥᠷᠳᠡᠪᠡ᠃ ᠬᠠᠷᠠᠴᠢᠨ ᠬᠤᠰᠢᠭᠤ ᠪᠣᠯ ᠥᠨᠢ ᠤᠳᠠᠭᠠᠨ ᠲᠡᠦᠬᠡ ᠲᠠᠢ᠂ ᠰᠣᠶᠣᠯ ᠪᠣᠯᠪᠠᠰᠤᠨ ᠢᠶᠠᠷ ᠪᠦᠷᠢᠯᠳᠦᠭᠰᠡᠨ ᠭᠠᠵᠠᠷ ᠪᠣᠯᠤᠨ᠎ᠠ᠂ ᠤᠳᠤ ᠡᠯ᠎ᠡ ᠲᠦᠷᠦᠯ ᠤᠨ ᠲᠡᠦᠬᠡ ᠰᠣᠶᠣᠯ ᠤᠨ ᠪᠠᠭᠤᠷᠢ 605᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 34᠂ ᠰᠢᠶᠤᠤ ᠾᠧ ᠰᠢ ᠶᠢᠨ ᠰᠣᠶᠣᠯ᠂ ᠰᠢᠩ ᠯᠦᠩ ᠸᠠ ᠶᠢᠨ ᠰᠣᠶᠣᠯ ᠵᠡᠷᠭᠡ ᠤᠳᠤᠨ ᠮᠡᠴᠢᠳ ᠲᠦᠭᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ ᠨᠢ ᠨᠢᠭᠡ ᠣᠷᠣᠨ ᠤ ᠡᠪᠦᠭᠡ ᠳᠡᠭᠡᠳᠦᠰ ᠤᠨ ᠢᠶᠠᠨ ᠣᠷᠣᠰᠢᠨ ᠠᠮᠢᠳᠤᠷᠠᠵᠤ ᠪᠠᠶᠢᠭ᠎ᠠ ᠶᠢ ᠭᠡᠷᠡᠴᠢᠯᠡᠵᠦ᠂ ᠬᠠᠷᠠᠴᠢᠨ ᠰᠣᠶᠣᠯ ᠤᠨ ︽ᠦᠨᠳᠦᠰᠦ ᠰᠤᠳᠠᠰᠤ︾ ᠶᠢ ᠢᠭᠴᠤ ᠰᠠᠬᠤᠯᠢᠭ ᠪᠤᠶᠢᠵᠢᠭᠤᠯᠵᠤ᠂ ︽ᠤᠯᠤᠰ ᠤᠨ ᠰᠣᠶᠣᠯ ᠤᠨ ᠠᠵᠤ ᠦᠢᠯᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠰᠢᠶᠠᠨ︾᠂ ᠠᠩᠬᠠᠳᠠᠭᠴᠢ ︽ᠥᠪᠡᠷᠲᠡᠭᠡᠨ ᠵᠠᠰᠠᠬᠤ ᠣᠷᠣᠨ ᠤ ᠤᠷᠠᠨ ᠪᠢᠴᠢᠯᠭᠡ ᠶᠢᠨ ᠨᠤᠲᠤᠭ︾ ᠵᠡᠷᠭᠡ ᠢᠷᠠᠭᠤ ᠠᠯᠳᠠᠷ ᠢ ᠪᠦᠬᠦᠨ ᠢ ᠰᠢᠩᠭᠡᠭᠡᠨ ᠠᠪᠤᠭᠰᠠᠨ ᠪᠠᠶᠢᠨ᠎ᠠ ᠭᠡᠵᠠᠢ᠃ ᠬᠠᠷᠠᠴᠢᠨ ᠬᠤᠰᠢᠭᠤ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ ︽ᠪᠣᠭᠤᠮᠲᠠ ᠶᠢᠨ ᠭᠠᠳᠠᠨᠠᠬᠢ ᠡᠮ ᠤᠨ ᠨᠤᠲᠤᠭ︾ ᠮᠥᠨ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠨᠢᠤ ᠢᠩᠽᠢ ᠶᠢᠨ ᠡᠮᠲᠦ ᠴᠠᠶ᠂ ᠨᠢᠤ ᠢᠩᠽᠢ ᠶᠢᠨ ᠲᠡᠵᠢᠭᠡᠯᠲᠦ ᠡᠮᠲᠦ ᠬᠤᠭᠤᠯᠠ᠂ ᠣᠷᠬᠤᠳᠠᠶ ᠬᠤᠨᠴᠢᠷ ᠡᠪᠡᠰᠦᠯᠢᠭ ᠨᠤᠭᠤᠰᠤ ᠵᠡᠷᠭᠡ ᠡᠮᠲᠦ ᠢᠳᠡᠭᠡᠨ ᠤ ᠠᠳᠠᠯᠢ ᠢᠷᠡᠯᠲᠡ ᠲᠠᠢ ᠡᠷᠡᠭᠦᠯᠵᠢᠯ ᠰᠤᠪᠢᠯᠠᠯᠲᠠ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢᠨ ᠬᠠᠮᠲᠤ ᠭᠠᠷᠭᠠᠵᠤ᠂ ᠭᠤᠷᠪᠠᠨ ᠬᠤᠭᠤᠴᠠᠭᠠᠨ ᠤ ︽ᠪᠥᠬᠦ ᠤᠯᠤᠰ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ︾ ᠢ ᠠᠮᠵᠢᠯᠲᠠ ᠲᠠᠢ ᠡᠷᠭᠢᠯᠡᠵᠦ᠂ ︽ᠡᠮ᠂ ᠡᠮᠴᠢᠯᠡᠭᠡ᠂ ᠵᠢᠭᠤᠯᠴᠢᠯᠠᠯ᠂ ᠢᠳᠡᠭᠡᠨ︾ ᠢ ᠨᠢᠭᠡ ᠴᠤᠭᠴᠠᠵᠢᠭᠤᠯᠤᠭᠰᠠᠨ ᠬᠢᠲᠠᠳ ᠮᠣᠩᠭᠤᠯ ᠡᠮ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠪᠠ᠃ ᠬᠠᠷᠠᠴᠢᠨ ᠳᠤ ᠣᠷᠣᠪᠠᠯ ᠠᠮᠲᠠᠲᠤ ᠢᠳᠡᠭᠡᠨ ᠬᠤᠳᠣᠭᠤᠳᠣᠨ ᠤ ᠰᠢᠮ᠎ᠡ ᠲᠡᠵᠢᠭᠡᠯ ᠢ ᠡᠳ᠋ᠯᠡᠵᠦ ᠲᠠᠶᠢᠯᠤᠨ᠎ᠠ᠃ ᠣᠳᠣᠬᠠᠨ ᠳᠤ ᠪᠦᠬᠦ ᠬᠤᠰᠢᠭᠤᠨ ᠤ ︽ᠭᠤᠷᠪᠠᠨ ᠦᠢᠯᠡᠳᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠤᠨ ᠦᠢᠯᠡᠳᠬᠦᠨ 59 ᠪᠣᠯᠵᠤ᠂ ︽ᠬᠠᠷᠠᠴᠢᠨ ᠮᠢᠬ᠎ᠠ ᠨᠤᠭᠤᠰᠤ︾ ︽ᠬᠠᠷᠠᠴᠢᠨ ᠬᠤᠨᠢᠨ ᠴᠦᠨᠳᠦᠭᠦᠷ ᠪᠠᠺᠲ᠋ᠧᠷᠢ︾ ︽ᠬᠠᠷᠠᠴᠢᠨ ᠭᠠᠰᠢᠭᠤᠨ ᠰᠠᠭᠠᠭ︾ ︽ᠬᠠᠷᠠᠴᠢᠨ ᠤᠯᠠᠭᠠᠨ ᠨᠠᠷᠠᠰᠤᠨ ᠴᠢᠰᠤᠨ ᠡᠪᠡᠷ︾ ᠢ ︽ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠤ ᠨᠡᠷᠡᠰ ᠲᠤ ᠣᠷᠣᠭᠤᠯᠵᠠᠶ᠂ ᠡᠭᠦᠨ ᠳᠤ ︽ᠬᠠᠷᠠᠴᠢᠨ ᠮᠢᠬᠠᠨ ᠤ ᠮᠢᠬ᠎ᠠ ᠨᠤᠭᠤᠰᠤ︾᠂ ︽ᠬᠠᠷᠠᠴᠢᠨ ᠮᠢᠬᠠᠨ ᠤ ᠮᠢᠬ᠎ᠠ︾᠂ ︽ᠬᠠᠷᠠᠴᠢᠨ ᠮᠢᠬᠠᠨ ᠤ ᠮᠢᠬ᠎ᠠ ᠨᠤᠭᠤᠰᠤ︾᠂ ︽ᠬᠠᠷᠠᠴᠢᠨ ᠮᠢᠬᠠᠨ ᠤ ᠮᠢᠬ᠎ᠠ︾᠂ ︽ᠬᠠᠷᠠᠴᠢᠨ ᠮᠢᠬᠠᠨ ᠤ ᠮᠢᠬ᠎ᠠ︾ ᠶᠢᠨ ᠨᠡᠷᠡᠰ ᠲᠤ ᠣᠷᠣᠵᠠᠶ᠃ ︽ᠤᠯᠠᠭᠠᠨ ᠣᠷᠭᠢᠯ ᠤᠨ ᠦᠨᠦᠷ︾ ᠢ ᠠᠰᠢᠭᠯᠠᠨ ᠮᠧᠶ ᠯᠢᠨ ᠱᠠᠨ ᠵᠧᠨ᠂ ᠪᠠᠶ ᠣᠪᠣᠭᠲᠤ ᠶᠢᠨ ᠰᠢᠷᠠᠭᠰᠠᠨ ᠲᠠᠬᠢᠶ᠎ᠠ᠂ ᠸᠠᠩ ᠤᠨ ᠣᠷᠳᠣᠨ ᠤ ᠰᠢᠷᠠᠭᠰᠠᠨ ᠮᠢᠬ᠎ᠠ᠂ ᠤᠯᠠᠭᠠᠨ ᠠᠷᠢᠬᠢ ᠲᠡᠭᠦᠬᠦ᠂ ᠮᠤᠤ ᠵᠢᠩ ᠪᠠ ᠶᠢᠨ ᠪᠠᠶᠢᠭᠠᠯᠢ ᠶᠢᠨ ᠪᠤᠯᠠᠭ ᠤᠨ ᠤᠰᠤ ᠵᠡᠷᠭᠡ ᠣᠷᠣᠨ ᠨᠤᠲᠤᠭ ᠤᠨ ᠣᠨᠴᠠᠯᠢᠭ ᠲᠠᠢ ᠢᠳᠡᠭᠡᠨ ᠤᠮᠳᠠᠭᠠᠨ ᠤ ᠲᠠᠩ ᠢᠳᠡᠭᠡᠨ ᠪᠠ ᠸᠠᠩ ᠤᠨ ᠣᠷᠳᠣᠨ ᠤ ᠨᠠᠷᠠᠲᠤ ᠳᠠᠶᠢᠯᠠᠯᠭ᠎ᠠ᠂ ᠵᠠᠭᠤᠨ ᠮᠥᠭᠦ ᠶᠢᠨ ᠳᠠᠶᠢᠯᠠᠯᠭ᠎ᠠ᠂ ᠮᠠᠨᠵᠤ ᠦᠨᠳᠦᠰᠦᠲᠡᠨ ᠤ ᠨᠠᠢ᠌ᠮᠠᠨ ᠲᠣᠮᠣ ᠠᠶᠠᠭ᠎ᠠ ᠵᠡᠷᠭᠡ ᠠᠯᠢ ᠣᠯᠠᠨ ᠰᠣᠳᠣᠨ ᠪᠦᠲᠦᠭᠡᠭᠳᠡᠬᠦᠨ ᠤ ᠲᠣᠪᠶᠤᠭ ᠢ ᠭᠠᠷᠭᠠᠵᠤ᠂ ︽ᠬᠡᠯᠡᠨ ᠤ ᠦᠵᠦᠭᠦᠷ ᠲᠠᠬᠢ ᠬᠠᠷᠠᠴᠢᠨ︾ ᠭᠡᠬᠦ ᠠᠮᠲᠠᠲᠤ ᠢᠳᠡᠭᠡᠨ ᠤ ᠨᠠᠷᠠᠲᠤ ᠲᠡᠮᠳᠡᠭᠲᠦ ᠶᠢ ᠥᠷᠭᠡᠨ ᠢᠶᠠᠷ ᠮᠡᠳᠡᠷᠡᠭᠰᠡᠨ ᠪᠠᠶᠢᠨ᠎ᠠ᠃     ᠳᠠᠷᠠᠭ᠎ᠠ ᠨᠢ ᠶᠠᠪᠤᠭᠳᠠᠭᠰᠠᠨ ᠭᠤᠤᠯ ᠵᠤᠷᠢᠯᠳᠠᠳᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠤᠷᠢᠭᠳᠠᠭᠰᠠᠨ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠳ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡ ᠬᠦ ᠶᠡᠭᠡ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ᠂ ᠣᠯᠠᠨ ᠠᠵᠤ ᠦᠢᠯᠡᠰ ᠢ ᠠᠭᠤᠰᠤᠯᠴᠠᠭᠤᠯᠤᠭᠰᠠᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠲᠣᠭᠠᠴᠢᠯᠠᠭᠰᠠᠨ ᠬᠥᠭᠵᠢᠯᠲᠡ ᠶᠢᠨ ᠵᠠᠭᠪᠤᠷ᠂ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠬᠡᠷᠡᠭᠯᠡᠭᠡᠨ ᠤ ᠬᠤᠪᠢᠷᠠᠯᠲᠠ ᠵᠢᠴᠢ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ᠂ ᠬᠤᠷᠴᠢᠨ ᠤ ᠲᠠᠯ᠎ᠠ ᠨᠤᠲᠤᠭ ᠤᠨ ᠦᠵᠡᠮᠵᠢ ᠶᠢ ᠰᠢᠯᠢᠳᠡᠭᠵᠢᠭᠦᠯᠦᠨ ᠪᠡᠭᠡᠵᠢᠩ ᠲᠢᠶᠠᠨᠵᠢᠨ ᠾᠧᠪᠧᠶ ᠶᠢᠨ ᠵᠤᠰᠠᠯᠠᠩ ᠢ ᠪᠠᠶᠢᠭᠤᠯᠬᠤ᠂ ︽ᠡᠷᠡᠭᠦᠯ ᠡᠩᠬᠡ ᠳᠤᠮᠳᠠᠳᠤ ᠤᠯᠤᠰ ᠤᠨ ᠣᠶᠤᠨᠴᠢ ᠵᠢᠷᠤᠭ ᠡᠷᠡᠭᠦᠯᠵᠢᠯ ᠰᠤᠪᠢᠯᠠᠯᠲᠠ︾ ᠠᠴᠠ ᠡᠷᠡᠭᠦᠯᠵᠢᠯ ᠰᠤᠪᠢᠯᠠᠯᠲᠠ ᠶᠢᠨ ᠦᠢᠯᠡᠰ ᠪᠣᠯᠤᠨ ᠠᠵᠤ ᠦᠢᠯᠡᠰ ᠤᠨ ᠬᠥᠭᠵᠢᠯᠲᠡ ᠶᠢ ᠦᠢᠯᠡᠳᠦᠯᠭᠡᠵᠢᠭᠦᠯᠬᠦ ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠢ ᠳᠡᠮᠵᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠮᠡᠳᠡᠭᠦᠯᠦᠯᠲᠡ ᠬᠢᠵᠡᠶ᠃     10 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠠᠶ ᠳᠤ ᠮᠠᠨ ᠤ ᠬᠤᠰᠢᠭᠤᠨ ᠤ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ᠂ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶ ᠴᠣᠭᠴᠠ᠂ ᠸᠠᠩ ᠤᠨ ᠣᠷᠳᠣᠨ ᠤᠯᠤᠰ ᠤᠨ ᠲᠡᠤᠬᠡ ᠰᠣᠶᠣᠯ ᠤᠨ ᠨᠠᠷᠠᠲᠤ ᠪᠠᠯᠭᠠᠰᠤ ᠶᠢ ᠲᠣᠭᠤᠷᠢᠨ ᠦᠵᠡᠪᠡ᠃     ᠶᠡᠭᠡ ᠬᠤᠷᠠᠯ ᠵᠢᠩᠬᠢᠨᠢ ᠪᠠᠷ ᠬᠤᠷᠠᠯᠳᠤᠬᠤ ᠠᠴᠠ ᠡᠮᠦᠨᠡᠬᠡᠨ᠂ ᠪᠠᠰᠠ ︽ᠬᠥᠳᠡᠭᠡ ᠠᠵᠤ ᠠᠬᠤᠢ ᠰᠣᠶᠣᠯ ᠵᠤᠭᠠᠴᠠᠯ᠂ ᠡᠷᠡᠭᠦᠯ ᠬᠠᠮᠠᠭᠠᠯᠠᠯ ᠨᠠᠰᠤᠵᠢᠯ ᠤᠨ ᠠᠭᠤᠰᠤᠯᠴᠠᠯ᠂ ᠠᠵᠤ ᠠᠬᠤᠢ ᠶᠢᠨ ᠬᠥᠭᠵᠢᠯᠲᠡ ᠶᠢ ᠬᠠᠮᠲᠤᠪᠠᠷ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ ᠬᠠᠮᠲᠤᠷᠠᠯᠴᠠᠭ᠎ᠠ ᠰᠣᠯᠢᠯᠴᠠᠭ᠎ᠠ ᠶᠢᠨ ᠬᠤᠷᠠᠯ ᠢ ᠬᠤᠷᠠᠯᠳᠤᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号