ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠥᠬᠦ ᠬᠤᠰᠢᠭᠤᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠵᠢᠴᠢ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/23
     10 ᠰᠠᠷ᠎ᠠ ᠶᠢᠨ 23 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠥᠬᠦ ᠬᠤᠰᠢᠭᠤᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠵᠢᠴᠢ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠲᠠᠰ ᠤᠨ ᠤᠳᠤᠷᠢᠳᠤᠯᠭ᠎ᠠ ᠲᠤᠤ ᠮᠧᠩ ᠬᠤᠩ᠂ ᠸᠠᠩ ᠯᠢᠩ᠂ ᠮᠠ ᠶᠦᠩ ᠭᠠᠩ᠂ ᠸᠠᠩ ᠴᠢᠦ ᠶᠧ᠂ ᠯᠢᠦᠶ ᠬᠠᠶ ᠳ᠋ᠦᠩ᠂ ᠰᠢᠶ᠋ᠸ ᠶᠦᠨ ᠰᠥᠩ᠂ ᠵᠤᠸᠠᠩ ᠸᠧᠨ ᠳ᠋ᠢ᠂ ᠵᠢᠶᠠᠩ ᠯᠢ᠂ ᠰᠦᠶ ᠶᠠ ᠵᠢᠩ ᠬᠤᠷᠠᠯ ᠳᠤ ᠣᠷᠣᠯᠴᠠᠵᠤ᠂ ᠡᠯ᠎ᠡ ᠬᠤᠯᠪᠣᠭᠳᠠᠯ ᠪᠥᠬᠦᠶ ᠬᠠᠷᠢᠭᠤᠴᠠᠯᠭᠠᠲᠤ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠤᠩ ᠬᠤᠩ ᠪᠥᠬᠦ ᠬᠤᠰᠢᠭᠤᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠪᠠ 2023 ᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠲᠤᠰᠬᠠᠶ ᠬᠠᠷᠠᠯᠲᠠ ᠶᠢᠨ ᠬᠢᠨᠠᠨ ᠰᠢᠯᠭᠠᠯᠲᠠ ᠶᠢᠨ ᠡᠮᠦᠨᠡᠬᠢ ᠭᠤᠷᠪᠠᠨ ᠤᠯᠠᠷᠢᠯ ᠳᠤ ᠬᠤᠪᠢ ᠠᠯᠳᠠᠭᠰᠠᠨ ᠪᠠᠶᠢᠳᠠᠯ ᠢ ᠮᠡᠳᠡᠭᠳᠡᠪᠡ᠃ ᠬᠤᠷᠠᠯ ᠳᠤ ᠣᠷᠣᠯᠴᠠᠭᠰᠠᠨ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠤᠰ ᠬᠦᠷᠢᠶᠡᠨ ᠤ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠬᠠᠷᠠᠴᠢᠨ ᠬᠤᠰᠢᠭᠤᠨ ᠤ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠮᠠᠰᠢ ᠰᠠᠶᠢᠨ ᠪᠠᠶᠢᠨ᠎ᠠ᠂ ᠭᠡᠪᠡᠴᠦ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠢ ᠳᠥᠯᠭᠢᠨ ᠠᠬᠢᠭᠤᠯᠬᠤ ᠲᠠᠯ᠎ᠠ ᠪᠠᠷ ᠪᠠᠰᠠ ᠮᠠᠰᠢ ᠣᠯᠠᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠤᠨ᠎ᠠ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠪᠣᠯᠤᠨ ᠬᠠᠷᠢᠭᠤᠴᠠᠯᠭᠠᠲᠤ ᠨᠢᠭᠡᠴᠡ ᠨᠦᠭᠦᠳ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠳᠡᠭᠡᠷ᠎ᠡ ᠵᠣᠭᠰᠣᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠲᠤᠰᠬᠠᠶ ᠵᠦᠢᠯ ᠤᠨ ᠠᠯᠪᠠᠨ ᠬᠡᠷ ᠤᠨ ᠣᠨ ᠤ ᠬᠠᠷᠠᠯᠲᠠᠲᠤ ᠰᠢᠯᠭᠠᠨ ᠬᠢᠨᠠᠬᠤ ᠨᠠᠷᠢᠨ ᠲᠦᠷᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠰᠦᠨᠦᠭ ᠪᠠᠷᠢᠮᠵᠢᠶ᠎ᠠ ᠳᠤ ᠴᠢᠭᠯᠡᠭᠦᠯᠦᠨ ᠳᠤᠲᠠᠭᠳᠠᠯ ᠢ ᠪᠠᠶᠢᠴᠠᠭᠠᠵᠤ᠂ ᠨᠢᠭᠡ ᠠᠴᠠ ᠵᠦᠢᠴᠢᠯᠡᠵᠦ ᠭᠤᠷᠪᠠ ᠳᠤ ᠳᠤᠲᠠᠭᠤᠳᠠᠯ ᠢ ᠨᠥᠬᠦᠪᠥᠷᠢᠯᠡᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠬᠥᠭᠡᠭᠡᠵᠦ ᠭᠦᠢᠴᠡᠨ ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠡᠭᠦᠷᠭᠡᠯᠡᠭᠰᠡᠨ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠶ ᠪᠥᠭᠡᠳ ᠦᠷ᠎ᠡ ᠪᠦᠲᠦᠮᠵᠢᠲᠡᠶ ᠪᠠᠷ ᠥᠷᠨᠢᠭᠦᠯᠵᠦ᠂ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠢᠶᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ᠃ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠠ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠠᠵᠢᠯ ᠤᠨ ᠡᠬᠡ ᠲᠠᠩᠰᠠ ᠶᠢ ᠨᠢᠭᠡᠳ ᠨᠢᠭᠡ ᠪᠠᠷ ᠨᠠᠷᠢᠯᠢᠬᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠳ᠋ᠦᠩᠨᠡᠨ ᠵᠠᠳᠠᠯᠵᠤ᠂ ᠡᠯ᠎ᠡ ᠵᠦᠢᠯ ᠤᠨ ᠠᠵᠢᠯ ᠢ ᠱᠠᠭᠠᠷᠳᠠᠯᠭ᠎ᠠ ᠶᠣᠰᠣᠭᠠᠷ ᠡᠮᠬᠢ ᠵᠢᠷᠤᠮ ᠲᠠᠢ ᠬᠦᠴᠦᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠳᠡᠭᠡᠳᠦ ᠱᠠᠲᠤᠨ ᠤ ᠬᠢᠨ ᠲᠠᠢ ᠨᠡᠪᠲᠡᠷᠡᠯᠴᠡᠨ ᠵᠣᠯᠭᠠᠭᠤᠯᠬᠤ ᠪᠠ ᠬᠠᠷᠢᠭᠤ ᠮᠡᠳᠡᠭᠦᠯᠬᠦ ᠶᠢ ᠴᠢᠩᠭᠠᠳᠬᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠠᠵᠢᠯ ᠤᠨ ᠪᠠᠶᠢᠳᠠᠯ ᠪᠠ ᠱᠠᠭᠠᠷᠳᠠᠯᠭ᠎ᠠ ᠶᠢ ᠴᠠᠭ ᠲᠤᠬᠠᠢ ᠳᠤᠨᠢ ᠣᠯᠵᠤ᠂ ᠠᠵᠢᠯ ᠤᠨ ᠭᠤᠣᠯᠳᠠᠯᠭ᠎ᠠ ᠶᠢ ᠴᠢᠩᠭ᠎ᠠ ᠠᠳᠬᠤᠵᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠵᠦ᠂ ᠺᠠᠳ᠋ᠷ ᠤᠨ ᠰᠤᠷᠲᠠᠯ ᠢ ᠴᠢᠨᠠᠭᠰᠢᠳᠠ ᠰᠠᠶᠢᠵᠢᠷᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠴᠢᠨᠠᠭᠰᠢᠳᠠ ᠳᠡᠭᠡᠭᠰᠢᠯᠡᠭᠦᠯᠬᠦ ᠶᠢ ᠪᠠᠲᠤᠯᠠᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号