ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 11 ᠳ᠋ᠦᠭᠡᠷ ᠤᠳᠠᠭ᠎ᠠ ᠶᠢᠨ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/24
     10 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 11 ᠳ᠋ᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠸᠠᠩ ᠶᠦᠨ ᠰᠢᠶᠠ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ᠂ ᠰᠢᠶ᠋ᠸ ᠶᠦᠨ ᠰᠥᠩ᠂ ᠵᠤᠸᠠᠩ ᠸᠧᠨ ᠳ᠋ᠢ ᠬᠤᠷᠠᠯ ᠳᠤ ᠣᠷᠣᠯᠴᠠᠵᠤ᠂ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠢᠦᠶ ᠬᠤᠸᠠ ᠶᠠᠨ ᠬᠤᠷᠠᠯ ᠳᠤ ᠰᠤᠯᠠ ᠣᠷᠣᠯᠴᠠᠪᠠ᠃     ᠬᠤᠷᠠᠯ ᠠᠴᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠬᠠᠮᠢᠶ᠎ᠠ ᠪᠥᠬᠦᠶ ᠶᠠᠪᠤᠳᠠᠯ ᠢ ᠰᠤᠳᠤᠯᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠢᠯᠡᠳᠬᠡᠭᠰᠡᠨ ᠨᠢ᠂ ᠤᠯᠤᠰ ᠲᠦᠷᠦ ᠶᠢᠨ ᠤᠬᠠᠮᠰᠠᠷ ᠪᠣᠯᠤᠨ ᠪᠦᠬᠦ ᠲᠠᠯ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠡᠷᠬᠡᠪᠰᠢ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠶᠡᠭᠡ ᠲᠠᠯ᠎ᠠ ᠶᠢ ᠬᠠᠷᠠᠭᠠᠯᠵᠠᠨ᠂ ᠰᠡᠳᠬᠢᠯ ᠰᠠᠨᠠᠭ᠎ᠠ ᠪᠠᠨ ᠲᠥᠯᠥᠪᠯᠡᠬᠦ ᠠᠵᠢᠯ ᠳᠡᠭᠡᠷ᠎ᠡ ᠬᠡᠷᠡᠭᠯᠡᠵᠦ᠂ ᠣᠶᠤᠨ ᠴᠢᠳᠠᠯ ᠢᠶᠠᠨ ᠬᠥᠭᠵᠢᠯᠲᠡ ᠶᠢ ᠳᠥᠯᠭᠢᠨ ᠠᠬᠢᠭᠤᠯᠬᠤ ᠳᠡᠭᠡᠷ᠎ᠡ ᠲᠠᠯᠪᠢᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ︔ ᠬᠠᠷᠢᠭᠤᠴᠠᠯᠭ᠎ᠠ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠬᠡᠪ ᠳᠠᠭᠤᠷᠢᠶᠠᠯ ᠦᠵᠡᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠠᠵᠢᠯ ᠢ ᠪᠡᠶ᠎ᠡ ᠪᠠᠷ ᠢᠶᠠᠨ ᠳᠣᠭᠢᠷᠠᠭᠤᠯᠤᠨ ᠪᠠᠶᠢᠷᠢᠯᠠᠭᠤᠯᠵᠤ᠂ ᠳᠣᠲᠣᠷ᠎ᠠ ᠪᠠᠨ ᠲᠤᠭ᠎ᠠ ᠲᠠᠢ᠂ ᠭᠠᠷ ᠲᠠᠭᠠᠨ ᠠᠷᠭ᠎ᠠ ᠪᠣᠳᠣᠯᠭ᠎ᠠ ᠲᠠᠢ᠂ ᠠᠵᠢᠯᠯᠠᠭ᠎ᠠ ᠳᠠᠭᠠᠨ ᠠᠷᠭ᠎ᠠ ᠲᠠᠢ ᠪᠠᠶᠢᠬᠤ ᠶᠢ ᠪᠡᠶᠡᠯᠡᠭᠦᠯᠵᠦ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠶ᠃     ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠤ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠶᠢ ᠣᠨᠣᠪᠴᠢᠲᠠᠶ ᠡᠵᠡᠮᠳᠡᠵᠦ᠂ ᠮᠠᠨ ᠤ ᠬᠤᠰᠢᠭᠤᠨ ᠤ ᠪᠠᠭᠤᠷᠠᠶ ᠭᠤᠭᠴᠤᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠦᠴᠦᠷᠬᠡᠭ ᠪᠠᠭᠤᠷᠠᠶ ᠲᠠᠯ᠎ᠠ ᠪᠠᠨ ᠪᠠᠭᠤᠷᠠᠭᠤᠯᠤᠨ᠂ ᠳᠥᠷᠪᠡᠳᠦᠭᠡᠷ ᠤᠯᠠᠷᠢᠯ ᠳᠤ ᠬᠦᠴᠦᠯᠡᠨ ᠰᠢᠪᠲᠤᠯᠤᠯᠲᠠ ᠬᠢᠵᠦ᠂ ᠪᠥᠬᠦ ᠵᠢᠯ ᠤᠨ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ︔ ᠠᠵᠤ ᠠᠬᠤᠶ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ︔ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠠᠳᠬᠤᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠬᠦ ᠬᠡᠷᠡᠭᠲᠡᠢ᠃     ᠬᠤᠷᠠᠯ ᠠᠴᠠ ᠳᠡᠭᠡᠳᠦ ᠱᠠᠲᠤᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号