ᠮᠠᠨ ᠤ ᠬᠤᠰᠢᠭᠤᠨ ᠤ ︽ᠠᠵᠢᠯ ᠣᠯᠭᠤᠬᠤ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠷ︾ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/10/26
     ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠠᠵᠢᠯ ᠣᠯᠭᠤᠯᠲᠠ ᠶᠢ ᠳᠠᠶᠢᠴᠢᠯᠠᠬᠤ ᠶᠢᠨ ᠲᠥᠯᠥᠭᠡ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠢᠴᠢ ᠠᠵᠢᠯ ᠤᠯᠬᠤ ᠳᠤ ᠬᠦᠴᠢᠷᠲᠡᠶ ᠬᠥᠮᠦᠰ ᠲᠤ ︽ᠬᠡᠷ ᠪᠦᠯᠢ︾ ᠶᠢᠨ ᠦᠢᠯᠡᠴᠢᠯᠡᠭᠡ ᠬᠠᠩᠭᠠᠵᠤ᠂ ᠲᠡᠳᠡᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠯᠢ ᠲᠦᠷᠭᠡᠨ ᠢᠶᠠᠷ ᠪᠡᠶᠡᠯᠡᠭᠦᠯᠬᠦ ᠶᠢᠨ ᠲᠥᠯᠥᠭᠡ᠂ 10 ᠰᠠᠷ᠎ᠠ ᠶᠢᠨ 26 ᠤ ᠡᠳᠦᠷ᠂ ᠮᠠᠨ ᠤ ᠬᠤᠰᠢᠭᠤᠨ ᠤ ︽ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠷ︾ ᠵᠢᠩᠬᠢᠨᠢ ᠪᠠᠷ ᠠᠰᠢᠭᠯᠠᠯᠲᠠ ᠳᠤ ᠣᠷᠣᠪᠠ᠃     ᠠᠵᠢᠯ ᠣᠯᠵᠤ ᠠᠳᠠᠯ ᠦᠢᠯᠡᠰ ᠴᠣᠭᠴᠠᠯᠠᠬᠤ ᠬᠡᠷ ᠪᠦᠯᠢ ᠶᠢ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠠᠴᠠ ᠲᠦᠷᠦᠭᠦᠯᠡᠵᠦ᠂ ᠾᠧᠪᠧᠢ ᠵᠡᠭᠡᠯᠢ ᠭᠤᠳᠤᠮᠵᠢ᠂ ᠠᠯᠲᠠᠨ ᠲᠦᠯᠬᠢᠭᠦᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠳᠠᠯ ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ ᠵᠡᠷᠭᠡ ᠬᠠᠮᠢᠶ᠎ᠠ ᠪᠥᠬᠦᠶ ᠨᠢᠭᠡᠴᠡ ᠬᠠᠮᠵᠢᠯᠴᠠᠨ ᠵᠣᠬᠢᠶᠠᠨ ᠪᠠᠶᠢᠭᠤᠯᠵᠤ᠂ ᠭᠤᠷᠪᠠᠨ ᠲᠠᠯ᠎ᠠ ᠶᠢᠨ ᠡᠵᠡᠩᠨᠡᠯᠲᠡ ᠶᠢᠨ ᠵᠠᠭᠪᠤᠷ ᠢ ᠬᠡᠷᠡᠭᠯᠡᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠵᠢᠯ ᠤᠯᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠵᠢᠯ ᠲᠠᠨᠢᠯᠴᠠᠭᠤᠯᠬᠤ᠂ ᠠᠵᠢᠯ ᠡᠷᠢᠬᠦ ᠳᠡᠩᠰᠡᠯᠡᠯᠲᠡ᠂ ᠤᠶᠤᠲᠠᠳ ᠤᠨ ᠠᠵᠢᠯ ᠣᠯᠭᠤᠯᠲᠠ᠂ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠬᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠪᠠᠷ ᠭᠤᠤᠯ ᠦᠢᠯᠡᠴᠢᠯᠡᠭᠡᠨ ᠤ ᠠᠭᠤᠯᠭ᠎ᠠ ᠪᠣᠯᠭᠠᠨ᠎ᠠ᠃ ᠬᠠᠷᠠᠴᠢᠨ ᠬᠤᠰᠢᠭᠤᠨ ᠤ ᠲᠣᠰ ᠭᠠᠵᠠᠷ ᠣᠷᠣᠨ ᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠮᠠᠨ ᠤ ᠬᠤᠰᠢᠭᠤᠨ ᠤ ᠠᠳᠠᠯ ᠦᠢᠯᠡᠰ ᠴᠣᠭᠴᠠᠯᠠᠬᠤ ᠦᠢᠯᠡᠴᠢᠯᠡᠬᠡᠨ ᠤ ᠠᠮᠢ ᠠᠬᠤᠶ ᠶᠢᠨ ᠬᠦᠷᠢᠶ᠎ᠡ ᠶᠢ ᠬᠥᠲᠥᠯᠦᠨ ᠳᠠᠭᠠᠭᠤᠯᠵᠤ᠂ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠰᠢᠭᠯᠠᠨ᠂ ᠠᠳᠠᠯ ᠦᠢᠯᠡᠰ ᠴᠣᠭᠴᠠᠯᠠᠭᠴᠢ ᠳᠤ ᠣᠶᠢᠷᠠᠲᠤᠭᠰᠠᠨ᠂ ᠳᠠᠯᠳᠠ ᠴᠢᠳᠠᠪᠤᠷᠢ᠂ ᠣᠶᠤᠨ ᠤ ᠦᠢᠯᠡᠴᠢᠯᠡᠭᠡ᠂ ᠡᠬᠢ ᠪᠠᠶᠠᠯᠢᠭ ᠤᠨ ᠵᠣᠯᠭᠠᠯᠴᠠᠭ᠎ᠠ ᠶᠢ ᠬᠥᠭᠵᠢᠭᠡᠬᠦ ᠪᠠᠷ ᠭᠤᠤᠯ ᠣᠨᠴᠠᠯᠢᠭ ᠪᠣᠯᠭᠠᠭᠰᠠᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠣᠩᠬᠤ ᠶᠢ ᠪᠣᠶ ᠪᠣᠯᠭᠠᠵᠤ᠂ ᠠᠳᠠᠯ ᠦᠢᠯᠡᠰ ᠴᠣᠭᠴᠠᠯᠠᠭᠴᠢ ᠳᠤ ᠴᠢᠳᠠᠪᠤᠷᠢ ᠣᠯᠭᠤᠵᠤ᠂ ᠠᠳᠠᠯ ᠦᠢᠯᠡᠰ ᠴᠣᠭᠴᠠᠯᠠᠬᠤ ᠶᠢᠨ ᠠᠮᠵᠢᠯᠲᠠ ᠤᠯᠬᠤ ᠶᠢ ᠠᠬᠢᠭᠤᠯᠤᠨ᠎ᠠ᠃     ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠷ ᠪᠦᠯᠢ ᠶᠢ ᠡᠬᠢᠯᠡᠭᠦᠯᠦᠭᠰᠡᠨ ᠨᠢ ᠮᠥᠨ ᠴᠦ ᠤᠯᠠᠭᠠᠨᠬᠠᠳᠠ ᠬᠤᠲᠠ ᠶᠢᠨ ︽ᠡᠬᠢ ᠰᠤᠷᠪᠤᠯᠵᠢ ᠨᠢ ᠠᠳᠠᠯ ᠦᠢᠯᠡᠰ ᠴᠣᠭᠴᠠᠯᠠᠬᠤ ᠳᠤ ᠰᠠᠶᠢᠨ︾ ᠵᠠᠯᠠᠭᠤᠴᠤᠳ ᠤᠨ ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠢ ᠵᠣᠯᠭᠠᠭᠤᠯᠬᠤ ᠦᠢᠯᠡᠴᠢᠯᠡᠭᠡᠨ ᠤ ᠤᠯᠠᠷᠢᠯ ᠤᠨ ᠠᠵᠢᠯᠯᠠᠭ᠎ᠠ ᠶᠢ ᠥᠷᠨᠢᠭᠦᠯᠬᠦ ᠲᠠᠰᠢᠷᠠᠮ ᠳᠤ᠂ ᠪᠥᠬᠦ ᠬᠤᠲᠠ ᠶᠢᠨ ᠠᠩᠬᠠᠳᠠᠭᠴᠢ ᠡᠭᠦᠳᠦᠨ ᠪᠠᠶᠢᠭᠤᠯᠤᠭᠰᠠᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠷ ᠪᠦᠯᠢ ᠨᠢ ᠡᠯ᠎ᠡ ᠲᠠᠯ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠡᠬᠢ ᠪᠠᠶᠠᠯᠢᠭ ᠢ ᠬᠤᠷᠠᠮᠳᠤᠭᠤᠯᠤᠨ᠂ ᠮᠠᠨ ᠤ ᠬᠤᠰᠢᠭᠤᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢᠨ ᠵᠢᠱᠢᠶ᠎ᠡ ᠦᠵᠡᠭᠦᠯᠬᠦ ᠶᠢ ᠪᠣᠶ ᠪᠣᠯᠭᠠᠵᠤ᠂ ᠪᠥᠬᠦ ᠬᠤᠰᠢᠭᠤᠨ ᠤ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠶᠢᠨ ᠰᠢᠨ᠎ᠡ ᠥᠨᠳᠦᠷᠯᠢᠭ ᠢ ᠪᠣᠶ ᠪᠣᠯᠭᠠᠬᠤ ᠪᠣᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号