ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠳᠤᠭᠤᠶᠢᠯᠠᠩ ᠳᠠᠭᠠᠭᠤᠯᠤᠨ ᠱᠠᠨᠳᠦ᠋ᠩ ᠮᠤᠵᠢ ᠶᠢᠨ ᠵᠢᠨᠢᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/29
     10 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠳᠤᠭᠤᠶᠢᠯᠠᠩ ᠳᠠᠭᠠᠭᠤᠯᠤᠨ ᠱᠠᠨᠳᠦ᠋ᠩ ᠮᠤᠵᠢ ᠶᠢᠨ ᠵᠢᠨᠢᠩ ᠬᠤᠲᠠ ᠶᠢᠨ ᠰᠧ ᠲᠦᠩ ᠢᠨᠵᠧᠨᠧᠷᠢᠩ ᠤᠨ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠵᠦ᠂ ᠲᠤᠰᠬᠠᠶ ᠲᠥᠬᠦᠭᠡᠷᠦᠮᠵᠢ ᠦᠢᠯᠡᠳᠬᠦ ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠨᠣᠭᠯᠠᠯ ᠦᠢᠯᠡᠳᠬᠦ ᠵᠡᠷᠭᠡ ᠬᠦᠷᠢᠶ᠎ᠡ ᠴᠠᠷᠠᠭ᠎ᠠ ᠶᠢ ᠭᠦᠨᠵᠡᠭᠡᠶ ᠵᠣᠯᠭᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠹᠠᠩ ᠷᠦᠢ ᠤᠷᠢᠳ ᠬᠤᠵᠢᠳ ᠠᠵᠤ ᠠᠬᠤᠶᠢᠯᠠᠯ ᠤᠨ ᠦᠢᠯᠡᠳᠪᠦᠷᠢᠯᠡᠵᠦ ᠡᠳ᠋ᠰᠢᠭᠦᠯᠬᠦ ᠦᠢᠯᠡᠳᠪᠦᠷᠢ ᠶᠢᠨ ᠲᠠᠰᠤᠭ ᠪᠣᠯᠤᠨ ᠠᠵᠤ ᠠᠬᠤᠶᠢᠯᠠᠯ ᠤᠨ ᠦᠢᠯᠡᠳᠬᠦᠨ ᠤ ᠦᠵᠡᠭᠦᠯᠦᠯᠭᠡ ᠶᠢᠨ ᠲᠣᠭᠤᠷᠢᠭ ᠢ ᠲᠣᠭᠤᠷᠢᠨ ᠦᠵᠡᠵᠦ᠂ ᠦᠢᠯᠡᠳᠬᠦᠨ ᠤ ᠲᠦᠷᠦᠯ ᠵᠦᠢᠯ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠷᠠᠭ᠎ᠠ ᠨᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠶᠠᠷᠢᠯᠴᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠢᠶᠠᠨ ᠽᠦᠨ ᠬᠤᠤ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠦᠢᠯᠡᠳᠪᠦᠷᠢᠯᠡᠯ ᠤᠨ ᠵᠠᠭᠪᠤᠷ ᠪᠣᠯᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠬᠤ ᠶᠢᠨ ᠬᠠᠮᠲᠤ᠂ ᠬᠠᠷᠠᠴᠢᠨ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠢ᠂ ᠵᠠᠮ ᠬᠠᠷᠢᠯᠴᠠᠭ᠎ᠠ ᠳᠥᠭᠦᠮ ᠳᠥᠲᠡ ᠬᠥᠭᠵᠢᠯᠲᠡ ᠲᠠᠢ᠂ ᠣᠨᠴᠠᠭᠠᠶᠢᠯᠠᠨ ᠲᠦᠮᠡᠨ ᠮᠦ ᠶᠢ ᠡᠵᠡᠯᠡᠭᠰᠡᠨ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠲᠣᠨᠣᠭᠯᠠᠯ ᠦᠢᠯᠡᠳᠬᠦ ᠲᠠᠯ᠎ᠠ ᠪᠠᠷ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ ᠲᠠᠢ ᠭᠡᠵᠦ ᠢᠯᠡᠳᠬᠡᠪᠡ᠃     ᠹᠠᠩ ᠷᠦᠢ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤ ᠣᠷᠣᠨ ᠪᠠᠶᠢᠷᠢ ᠶᠢᠨ ᠵᠠᠮ ᠬᠠᠷᠢᠯᠴᠠᠭ᠎ᠠ ᠳᠠᠪᠠᠭᠤᠯᠢᠭ᠂ ᠢᠵᠢ ᠪᠥᠷᠢᠳᠦᠭᠦᠯᠬᠦ ᠲᠥᠬᠦᠭᠡᠷᠦᠮᠵᠢ ᠪᠦᠷᠢᠨ ᠲᠡᠭᠦᠯᠳᠡᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠠᠶᠢᠨ ᠪᠠᠶᠢᠵᠤ᠂ ᠬᠦᠷᠢᠶᠡᠯᠡᠩ ᠲᠣᠭᠤᠷᠢᠭ ᠤᠨ ᠢᠵᠢ ᠪᠥᠷᠢᠳᠦᠭᠦᠯᠬᠦ᠂ ᠠᠵᠤ ᠦᠢᠯᠡᠰ ᠤᠨ ᠰᠠᠭᠤᠷᠢ᠂ ᠬᠥᠭᠵᠢᠯᠲᠡ ᠶᠢᠨ ᠬᠦᠴᠦᠨ ᠵᠦᠢᠯ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠯ᠎ᠠ ᠲᠠᠢ ᠪᠠᠶᠢᠵᠤ᠂ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠵᠥᠪᠳᠡᠯᠴᠡᠭᠡ ᠪᠠᠷ ᠠᠵᠠ ᠲᠣᠬᠢᠶᠠᠯ ᠪᠣᠯᠭᠠᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠠᠯᠤᠰ ᠬᠡᠳᠦ ᠳᠤ ᠰᠠᠭᠤᠷᠢᠯᠠᠵᠤ᠂ ᠡᠯ᠎ᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠨᠣᠭᠯᠠᠯ ᠦᠢᠯᠡᠳᠬᠦ ᠵᠡᠷᠭᠡ ᠠᠯᠢ ᠤᠯᠠᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ ᠡᠷᠲᠡᠬᠡᠨ ᠣᠷᠣᠭᠤᠯᠵᠤ᠂ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠬᠤᠶᠠᠷ ᠲᠠᠯ᠎ᠠ ᠪᠠᠷ ᠢᠶᠠᠨ ᠪᠠᠰᠠ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠲᠣᠨᠣᠭᠯᠠᠯ ᠦᠢᠯᠡᠳᠬᠦ ᠵᠡᠷᠭᠡ ᠲᠦᠷᠦᠯ ᠵᠦᠢᠯ ᠤᠨ ᠲᠤᠬᠠᠢ ᠰᠠᠨᠠᠯ ᠢᠶᠠᠨ ᠰᠣᠯᠢᠯᠴᠠᠭᠰᠠᠨ ᠪᠥᠭᠡᠳ ᠬᠠᠮᠲᠤᠷᠠᠯᠴᠠᠭᠠᠨ ᠤ ᠠᠷᠭ᠎ᠠ ᠬᠡᠯᠪᠡᠷᠢ᠂ ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠵᠤ᠂ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠮᠵᠢ ᠲᠠᠢ ᠪᠤᠯᠵᠤ᠂ ᠪᠣᠳᠠᠲᠠᠢ ᠠᠬᠢᠯᠳᠠ ᠲᠠᠢ ᠪᠣᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号