ᠶᠠᠩ ᠸᠧᠶ ᠳ᠋ᠦᠩ ᠬᠠᠷᠠᠴᠢᠨ ᠬᠤᠰᠢᠭᠤᠨ ᠳᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/10/31
     10 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠶ ᠳ᠋ᠦᠩ ᠬᠤᠰᠢᠭᠤᠨ ᠳᠤ ᠢᠷᠡᠵᠦ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠴᠧᠨ ᠵᠠᠨ ᠶᠢᠩ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠵᠠᠩ ᠱᠧᠩ ᠾᠧ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠮᠡᠭ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠂ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠬᠤᠸᠠᠩ ᠹᠦ᠋ ᠱᠦᠶ ᠤᠷᠢᠯᠭ᠎ᠠ ᠪᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃     ᠶᠠᠩ ᠸᠧᠶ ᠳ᠋ᠦᠩ ᠨᠡᠷ ᠤᠷᠢᠳ ᠬᠤᠵᠢᠳ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠠ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃     ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ᠂ ᠶᠠᠩ ᠸᠧᠶ ᠳ᠋ᠦᠩ ᠮᠠᠨ ᠤ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠳᠤ ᠰᠠᠭᠤᠷᠢᠯᠠᠵᠤ᠂ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠲᠥᠯᠥᠪᠯᠡᠨ ᠠᠬᠢᠭᠤᠯᠤᠭᠰᠠᠨ ᠢ ᠭᠦᠢᠴᠡᠳ ᠨᠤᠲᠠᠯᠠᠪᠠ᠃ ᠲᠡᠷᠡ ᠴᠢᠩᠭᠠᠳᠬᠠᠭᠰᠠᠨ ᠨᠢ᠂ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠤᠯᠠᠨ ᠲᠦᠷᠦᠯ ᠵᠦᠢᠯ᠂ ᠤᠯᠠᠨ ᠡᠰᠢᠴᠢᠯᠡᠭᠰᠡᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠵᠦ᠂ ᠴᠢᠨᠠᠷ ᠰᠠᠶᠢᠲᠠᠢ ᠤᠨᠴᠠᠯᠢᠭᠳᠤ ᠲᠠᠷᠢᠶᠠᠯᠠᠩ ᠤᠨ ᠲᠦᠷᠦᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠨᠠᠷᠢᠯᠢᠭ ᠪᠣᠯᠪᠠᠰᠤᠷᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠲᠠᠷᠢᠶᠠᠴᠢᠳ ᠲᠤ ᠲᠠᠷᠢᠶᠠᠯᠠᠩ ᠤᠨ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠭᠦᠢᠯᠭᠡᠭᠡ ᠵᠡᠷᠭᠡ ᠪᠦᠬᠦ ᠬᠡᠯᠬᠢᠶ᠎ᠡ ᠶᠢᠨ ᠦᠷᠳᠡᠭ ᠨᠡᠮᠡᠭᠳᠡᠯ ᠤᠨ ᠠᠰᠢᠭ ᠣᠷᠣᠯᠭ᠎ᠠ ᠶᠢ ᠭᠦᠢᠴᠡᠳ ᠡᠳ᠋ᠯᠡᠭᠦᠯᠬᠦ ᠬᠡᠷᠡᠭᠲᠡᠶ ᠃ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠭᠤᠤᠯᠯᠠᠬᠤ ᠠᠵᠤ ᠦᠢᠯᠡᠰ ᠤᠨ ᠳᠠᠪᠠᠭᠤᠯᠢᠭ ᠢᠶᠠᠨ ᠣᠨᠣᠪᠴᠢᠲᠠᠶ ᠡᠷᠢᠨ ᠣᠯᠵᠤ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠬᠠᠷᠠᠭᠠᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠥᠯᠥᠪᠵᠢᠭᠦᠯᠵᠦ᠂ ᠲᠡᠷᠢᠭᠦᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠡᠭᠦᠳᠦᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠬᠡᠷᠡᠭᠲᠡᠶ᠃     ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ᠂ ᠶᠠᠩ ᠸᠧᠶ ᠳ᠋ᠦᠩ ᠮᠠᠨ ᠤ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠪᠠ ᠣᠶ ᠰᠢᠭᠤᠶ ᠶᠢᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠣᠪᠤᠶᠢᠮ᠎ᠠ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ᠂ ᠪᠥᠬᠦ ᠤᠯᠤᠰ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠪᠥᠬᠦ ᠤᠯᠤᠰ ᠲᠤ ᠬᠤᠳᠠᠯᠳᠤᠨ ᠠᠪᠴᠤ᠂ ᠪᠥᠬᠦ ᠤᠯᠤᠰ ᠲᠤ ᠬᠤᠳᠠᠯᠳᠤᠬᠤ︾ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠣᠶ ᠪᠣᠯᠭᠠᠬᠤ ᠬᠡᠷᠡᠭᠲᠡᠶ᠃ ᠲᠡᠷᠢᠭᠦᠨ ᠤ ᠬᠢ ᠲᠠᠢ ᠬᠠᠷᠢᠴᠠᠭᠤᠯᠵᠤ᠂ ᠬᠡᠪ ᠳᠠᠭᠤᠷᠢᠶᠠᠯ ᠢ ᠥᠨᠳᠥᠷ ᠪᠣᠯᠭᠠᠵᠤ᠂ ᠰᠡᠳᠬᠢᠴᠡ ᠪᠠᠨ ᠲᠣᠳᠣᠷᠬᠠᠶᠢᠯᠠᠵᠤ᠂ ᠵᠢᠶᠠᠩᠰᠢ ᠶᠢᠨ ᠵᠠᠩ ᠱᠦ᠋᠂ ᠭᠠᠨᠵᠢᠶᠠᠩ ᠰᠢᠨ᠎ᠡ ᠲᠣᠭᠤᠷᠢᠭ ᠵᠡᠷᠭᠡ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠰᠤᠷᠤᠯᠴᠠᠨ ᠲᠤᠯᠢᠳᠠᠵᠤ᠂ ᠬᠤᠵᠢᠭᠤ ᠬᠥᠭᠵᠢᠬᠦ ᠳᠠᠪᠠᠭᠤᠯᠢᠭ ᠢᠶᠠᠨ ᠪᠠᠳᠠᠷᠠᠭᠤᠯᠵᠤ᠂ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠬᠡᠷᠡᠭᠲᠡᠢ᠃ ᠤᠢ ᠰᠢᠭᠤᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠢ ᠰᠢᠭᠤᠢ ᠶᠢᠨ ᠪᠠᠺᠲ᠋ᠧᠷᠢ᠂ ᠤᠢ ᠰᠢᠭᠤᠢ ᠶᠢᠨ ᠡᠮ ᠳᠠᠷᠢᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠤᠢ ᠰᠢᠭᠤᠢ ᠶᠢᠨ ᠬᠤᠷᠮᠣᠢ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠶᠢ ᠲᠦᠷᠭᠡᠳᠬᠡᠨ ᠠᠬᠢᠭᠤᠯᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠦᠲᠦᠭᠡᠭᠳᠡᠬᠦᠨ ᠤ ᠨᠡᠮᠡᠯᠲᠡ ᠦᠷᠳᠡᠭ ᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠰ ᠢ ᠬᠥᠭᠵᠢᠭᠦᠯᠬᠦ ᠶᠢ ᠬᠦᠳᠦᠯᠥᠨ ᠳᠠᠭᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号