G306 ᠱᠤᠭᠤᠮ᠂ S206 ᠱᠤᠭᠤᠮ ᠤᠨ ᠵᠠᠰᠠᠮᠠᠯ ᠵᠠᠮ ᠤᠨ ᠬᠥᠭᠦᠷᠭᠡ ᠶᠢᠨ ᠪᠠᠷᠢᠯᠭ᠎ᠠ ᠶᠢᠨ ᠠᠵᠢᠯ ᠪᠥᠬᠦ ᠲᠠᠯ᠎ᠠ ᠪᠠᠷ ᠳᠠᠭᠤᠰᠪᠠ
ᠨᠡᠶᠢᠲᠡᠯᠡᠭᠰᠡᠨ ᠴᠠᠭ᠄
2023/10/7
     10 ᠰᠠᠷ᠎ᠠ ᠶᠢᠨ 6 ᠤ ᠡᠳᠦᠷ᠂ G306 ᠱᠤᠭᠤᠮ᠂ S206 ᠱᠤᠭᠤᠮ ᠤᠨ ᠵᠠᠰᠠᠮᠠᠯ ᠵᠠᠮ ᠤᠨ ᠬᠥᠭᠦᠷᠭᠡ ᠶᠢᠨ ᠪᠠᠷᠢᠯᠭ᠎ᠠ ᠶᠢᠨ ᠠᠵᠢᠯ ᠪᠥᠬᠦ ᠲᠠᠯ᠎ᠠ ᠪᠠᠷ ᠳᠠᠭᠤᠰᠪᠠ᠃     ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠵᠥᠪᠰᠢᠶᠡᠷᠡᠯ ᠢᠶᠠᠷ᠂ 2023 ᠣᠨ ᠳᠤ ᠤᠯᠠᠭᠠᠨᠬᠠᠳᠠ ᠬᠤᠲᠠ ᠶᠢᠨ G306 ᠱᠤᠭᠤᠮ᠂ S206 ᠱᠤᠭᠤᠮ ᠤᠨ ᠵᠠᠰᠠᠮᠠᠯ ᠵᠠᠮ ᠤᠨ ᠬᠥᠭᠦᠷᠭᠡ ᠶᠢᠨ ᠰᠡᠯᠪᠢᠨ ᠵᠠᠰᠠᠬᠤ ᠢᠨᠵᠧᠨᠧᠷᠢᠩ ᠢ 2023 ᠣᠨ ᠤ 7 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠭᠦᠯᠵᠦ᠂ ᠪᠠᠷᠢᠯᠭ᠎ᠠ ᠶᠢᠨ ᠡᠬᠢᠯᠡᠯᠲᠡ ᠶᠢᠨ ᠴᠡᠭ ᠨᠢ ᠬᠠᠷᠠᠴᠢᠨ ᠬᠤᠰᠢᠭᠤᠨ ᠤ ᠨᠢᠦ ᠵᠢᠶᠠ ᠢᠩᠽᠢ ᠪᠠᠯᠭᠠᠰᠤᠨ ᠤ ᠼᠠᠩ ᠵᠢᠶᠤᠤ ᠲᠣᠰᠬᠤᠨ ᠳᠤ ᠪᠠᠶᠢᠵᠤ᠂ ᠨᠢᠦ ᠵᠢᠶᠠ ᠢᠩᠽᠢ ᠪᠠᠯᠭᠠᠰᠤ᠂ ᠵᠢᠨᠱᠠᠨ ᠪᠠᠯᠭᠠᠰᠤ᠂ ᠸᠠᠩ ᠶᠧ ᠹᠦ᠋ ᠪᠠᠯᠭᠠᠰᠤ᠂ ᠮᠧᠶ ᠯᠢᠨ ᠪᠠᠯᠭᠠᠰᠤ ᠪᠠᠷ ᠥᠩᠭᠡᠷᠡᠵᠦ᠂ ᠡᠴᠦᠰ ᠲᠡᠭᠡᠨ ᠬᠠᠷᠠᠴᠢᠨ ᠬᠤᠰᠢᠭᠤᠨ ᠤ ᠮᠧᠶ ᠯᠢᠨ ᠪᠠᠯᠭᠠᠰᠤᠨ ᠤ ᠳ᠋ᠠ ᠳ᠋ᠢᠶᠠᠨ ᠲᠣᠰᠬᠤᠨ ᠳᠤ ᠬᠦᠷᠴᠦ᠂ ᠪᠥᠬᠦ ᠵᠠᠮ ᠨᠢ 88.059 ᠺᠢᠯᠣᠮᠧᠲᠷ ᠪᠣᠯᠤᠨ᠎ᠠ᠃ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ ᠨᠢ 1.09 ᠳ᠋ᠦᠩᠰᠢᠭᠤᠷ ᠲᠥᠭᠦᠷᠢᠭ ᠪᠠᠶᠢᠵᠤ᠂ ᠤᠯᠠᠭᠠᠨᠬᠠᠳᠠ ᠬᠤᠲᠠ ᠶᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ︵ᠪᠦᠯᠦᠭᠯᠡᠯ︶ ᠶᠢᠨ ᠬᠢᠵᠠᠭᠠᠷᠲᠤ ᠺᠣᠮᠫᠠᠨᠢ ᠠᠴᠠ ᠬᠠᠷᠢᠭᠤᠴᠠᠨ ᠪᠥᠲᠥᠭᠡᠨ ᠪᠠᠶᠢᠭᠤᠯᠵᠤ᠂ ᠥᠪᠥᠷ ᠮᠣᠩᠭᠤᠯ ᠤᠨ ᠠᠨ ᠴᠠᠩ ᠵᠠᠰᠠᠮᠠᠯ ᠵᠠᠮ ᠤᠨ ᠮᠡᠷᠭᠡᠵᠢᠯ ᠤᠨ ᠦᠢᠯᠡᠴᠢᠯᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠷᠢᠭᠤᠴᠠᠨ ᠪᠠᠷᠢᠯᠭ᠎ᠠ ᠪᠠᠷᠢᠨ᠎ᠠ᠃     ᠲᠣᠰ ᠵᠢᠯ ᠤᠨ ᠪᠥᠬᠦ ᠬᠤᠲᠠ ᠶᠢᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ ᠬᠤᠪᠢ ᠳᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ ᠨᠦᠭᠦᠳ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠬᠡᠷᠡᠭᠵᠢᠭᠦᠯᠦᠨ᠂ ᠠᠵᠢᠯ ᠤᠨ ᠬᠤᠭᠤᠴᠠᠭ᠎ᠠ ᠣᠬᠤᠷ᠂ ᠡᠭᠦᠷᠭᠡ ᠬᠦᠨᠳᠦ ᠵᠡᠷᠭᠡ ᠬᠦᠴᠦᠨ ᠵᠦᠢᠯ ᠢ ᠵᠠᠯᠭᠠᠭ᠎ᠠ ᠪᠠᠷ ᠲᠡᠪᠴᠢᠵᠦ᠂ ᠡᠯ᠎ᠡ ᠵᠦᠢᠯ ᠤᠨ ᠢᠨᠵᠧᠨᠧᠷᠢᠩ ᠤᠨ ᠡᠭᠦᠷᠭᠡ ᠶᠢ ᠤᠷᠢᠳᠴᠢᠯᠠᠨ ᠪᠡᠶᠡᠯᠡᠭᠦᠯᠪᠡ᠃     ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠵᠠᠮ ᠤᠨ ᠬᠡᠰᠡᠭ ᠤᠨ ᠵᠠᠮ ᠨᠡᠪᠲᠡᠷᠡᠯᠭᠡ ᠶᠢᠨ ᠶᠠᠰᠤ ᠴᠢᠨᠠᠷ ᠢᠯᠡᠳᠲᠡ ᠳᠡᠭᠡᠭᠰᠢᠯᠡᠵᠦ᠂ ᠵᠠᠮ ᠳᠠᠭᠠᠤ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠬᠠᠷᠰᠢᠯᠠᠵᠤ ᠪᠠᠢᠭᠰᠠᠨ ᠪᠠ ᠰᠠᠭᠤᠭᠠᠯᠢ ᠠᠷᠠᠳ ᠤᠨ ᠣᠯᠠᠨ ᠵᠢᠯ ᠤᠨ ᠲᠤᠷᠰᠢᠬᠢ ᠵᠠᠮ ᠬᠠᠷᠢᠯᠴᠠᠭᠠᠨ ᠤ ᠪᠡᠷᠬᠡ ᠬᠡᠮ ᠰᠣᠭᠤᠭ ᠢ ᠲᠦᠢᠯᠪᠤᠷᠢᠲᠠᠶ ᠦᠨᠳᠦᠰᠦᠨ ᠠᠴᠠ ᠨᠢ ᠵᠠᠰᠠᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号