ᠹᠠᠩ ᠷᠦᠢ ᠬᠤᠰᠢᠭᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/10/8
     10 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠹᠠᠩ ᠷᠦᠢ ᠬᠤᠰᠢᠭᠤ ᠨᠠᠮ ᠤᠨ ᠬᠤᠷᠢᠶ᠎ᠠ ᠶᠢᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠤᠩ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠬᠤᠩ ᠲᠦ᠋᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ ᠬᠤᠷᠠᠯ ᠳᠤ ᠣᠷᠣᠯᠴᠠᠵᠠᠶ᠃ᠬᠤᠷᠠᠯ ᠠᠴᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠰᠠᠨᠠᠭᠤᠯᠤᠮᠵᠢ ᠪᠠ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠡᠷᠬᠡᠪᠰᠢ ᠳᠡᠭᠡᠳᠦ ᠱᠠᠲᠤᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠡᠵᠡᠮᠳᠡᠵᠦ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠬᠢᠭᠤᠯᠬᠤ ᠴᠢᠭᠯᠡᠯ ᠢ ᠬᠡᠯᠪᠠᠶᠢᠭᠦᠦ ᠪᠣᠯᠭᠠᠬᠤ ᠦᠭᠡᠢ᠂ ᠠᠷᠭ᠎ᠠᠬᠡᠮᠵᠢᠶ᠎ᠡ ᠶᠢ ᠶᠠᠩᠵᠤ ᠶᠠᠩᠵᠤ ᠪᠠᠷ ᠨᠢ ᠬᠤᠪᠢᠷᠠᠭᠤᠯᠬᠤ ᠦᠭᠡᠢ᠂ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪᠯᠡᠷᠡᠭᠦᠯᠦᠨ ᠨᠣᠮ ᠤᠩᠰᠢᠬᠤ ᠰᠤᠷᠤᠯᠴᠠᠯᠭ᠎ᠠ ᠪᠣᠯᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ᠂ ᠰᠤᠷᠤᠯᠴᠠᠬᠤ ᠶᠠᠪᠤᠴᠠ ᠶᠢ ᠦᠨᠡᠨᠬᠦ ᠦᠵᠡᠯ ᠰᠠᠨᠠᠭ᠎ᠠ ᠪᠠᠨ ᠳᠡᠭᠡᠭᠰᠢᠯᠡᠭᠦᠯᠬᠦ᠂ ᠠᠵᠢᠯ ᠢᠶᠠᠨ ᠠᠬᠢᠭᠤᠯᠬᠤ ᠶᠠᠪᠤᠴᠠ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ᠰᠣᠩᠭᠤᠨ ᠲᠣᠭᠲᠠᠭᠠᠭᠰᠠᠨ ᠪᠠᠶᠢᠴᠠᠭᠠᠨ ᠰᠤᠳᠤᠯᠤᠯᠲᠠ ᠶᠢᠨ ᠰᠡᠳᠦᠪ ᠤᠨ ᠲᠣᠭᠤᠷᠢᠨ ᠳᠤ᠂ ︽ᠬᠡᠨ ᠪᠠᠶᠢᠴᠠᠭᠠᠨ ᠰᠤᠳᠤᠯᠤᠯᠲᠠ ᠬᠢᠪᠡᠯ ᠬᠡᠨ ᠠᠬᠢᠭᠤᠯᠬᠤ︾ ᠱᠠᠭᠠᠷᠳᠠᠯᠭ᠎ᠠ ᠶᠣᠰᠣᠭᠠᠷ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ ᠮᠠᠭᠠᠳᠯᠠᠵᠤ᠂ ᠠᠰᠠᠭᠤᠳᠠᠯ ᠢ ᠰᠢᠢᠳᠪᠦᠷᠢᠯᠡᠬᠦ᠂ ᠠᠵᠢᠯ ᠢ ᠠᠬᠢᠭᠤᠯᠬᠤ ᠰᠡᠳᠬᠢᠴᠡ ᠠᠷᠭ᠎ᠠ ᠪᠠ ᠠᠷᠭ᠎ᠠ ᠬᠡᠮᠵᠢᠶ᠎ᠡ ᠶᠢ ᠦᠨᠡᠨᠬᠦ ᠪᠦᠷᠢᠯᠳᠦᠭᠦᠯᠬᠦ ᠬᠡᠷᠡᠭᠲᠡᠢ᠃ ᠡᠭᠦᠷᠭᠡᠯᠡᠨ ᠪᠣᠳᠠᠲᠠᠢ ᠠᠵᠢᠯᠯᠠᠵᠤ ᠬᠥᠭᠵᠢᠯᠲᠡ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠬᠤ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠡ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠳᠣᠣᠷ᠎ᠠ ᠬᠠᠭᠠᠰ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ᠤᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠭᠤᠣᠯ ᠰᠡᠳᠦᠪᠲᠦ ᠬᠥᠮᠦᠵᠢᠯ ᠪᠣᠯᠤᠨ ᠭᠤᠣᠯ ᠠᠵᠢᠯ ᠤᠨ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾ ᠶᠢ ᠪᠡᠶᠡᠯᠡᠭᠦᠯᠬᠦ ᠬᠡᠷᠡᠭᠲᠡᠢ᠃ ᠨᠡᠪᠲᠡᠷᠡᠯᠴᠡᠭᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠴᠢᠩᠭᠠᠳᠬᠠᠵᠤ᠂ ᠬᠤᠰᠢᠭᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠳᠡᠭᠡᠳᠦ ᠳᠣᠤᠷᠠᠳᠤ ᠱᠠᠲᠤᠨ ᠤ ᠨᠡᠪᠲᠡᠷᠡᠯᠴᠡᠭᠡ᠂ ᠵᠢᠭᠠᠪᠤᠷᠢ ᠠᠪᠴᠤ ᠬᠠᠷᠢᠭᠤ ᠮᠡᠳᠡᠭᠦᠯᠬᠦ ᠶᠢ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ᠤᠯᠤᠰ ᠲᠥᠷᠥ ᠶᠢᠨ ᠪᠣᠭᠤᠮᠲᠠ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠵᠤ᠂ ᠭᠠᠷᠴᠤ ᠮᠡᠳᠡᠬᠦ ᠬᠡᠯᠪᠡᠷᠢ ᠶᠢᠨ ᠦᠵᠡᠯ᠂ ᠳᠣᠤᠷᠠᠳᠤ ᠲᠠᠰ ᠤᠨ ᠠᠯᠳᠠᠭ᠎ᠠ ᠭᠠᠷᠭᠠᠬᠤ ᠶᠢ ᠡᠷᠡᠰ ᠬᠤᠷᠢᠭᠯᠠᠵᠤ᠂ ᠭᠤᠤᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠠᠬᠢᠭᠤᠯᠬᠤ ᠶᠢ ᠪᠠᠲᠤᠯᠠᠬᠤ ᠬᠡᠷᠡᠭᠲᠡᠶ  ᠭᠡᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号