ᠬᠤᠰᠢᠭᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠄ ᠣᠯᠠᠨ ᠠᠷᠭ᠎ᠠ ᠬᠡᠮᠵᠢᠶ᠎ᠡ ᠠᠪᠴᠤ ᠠᠷᠠᠳ ᠢᠷᠭᠡᠳ ᠦᠨ ᠡᠪᠦᠯ ᠤᠨ ᠳᠤᠯᠠᠭᠠᠯᠭ᠎ᠠ ᠶᠢ ᠪᠠᠳᠤᠯᠠᠨ᠎ᠠ
ᠨᠡᠶᠢᠲᠡᠯᠡᠭᠰᠡᠨ ᠴᠠᠭ᠄
2023/11/1
     ᠣᠶᠢᠷ᠎ᠠ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠨᠡ ᠡᠪᠦᠯ ᠤᠨ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠢᠷᠭᠡᠳ ᠤᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳᠤᠯᠠᠭᠠᠯᠭ᠎ᠠ ᠶᠢᠨ ᠠᠵᠢᠯ ᠢ ᠡᠷᠲᠡ ᠠᠴᠠ ᠡᠬᠢᠯᠡᠨ ᠬᠢᠵᠦ᠂ ᠪᠣᠳᠠᠲᠠᠶ ᠳᠤ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠳᠤᠯᠠᠭᠠᠯᠭ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠠᠷᠠᠳ ᠢᠷᠭᠡᠳ ᠤᠨ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠦᠨᠡᠨ ᠬᠦ ᠪᠠᠲᠤᠯᠠᠪᠠ᠃     ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠠᠩᠬᠢ ᠪᠠᠶᠢᠭᠤᠯᠵᠤ᠂ ᠬᠠᠮᠤᠭ ᠤᠨ ᠲᠦᠷᠦᠭᠦᠨ ᠳᠤ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠬᠤᠳᠠ ᠶᠢᠨ ᠲᠣᠭᠤᠷᠢᠭ ᠤᠨ ᠪᠤᠢ ᠪᠦᠬᠦᠢ ᠲᠥᠪᠯᠡᠷᠡᠭᠦᠯᠦᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠰᠢᠨ᠎ᠡ ᠪᠠᠷ ᠪᠠᠶᠢᠭᠤᠯᠬᠤ ᠪᠠ ᠨᠢᠭᠡᠨᠲᠡ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠰᠠᠭᠤᠳᠠᠯ ᠣᠷᠣᠰᠢᠵᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠢ ᠡᠮᠬᠢᠯᠡᠨ ᠲᠦᠷᠦᠯ ᠬᠤᠪᠢᠶᠠᠵᠤ᠂ ᠬᠠᠮᠤᠭ ᠤᠨ ᠲᠦᠷᠦᠭᠦᠨ ᠳᠤ ᠰᠠᠭᠤᠭᠠᠯᠢ ᠠᠷᠠᠳ ᠤᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠳᠤᠯᠠᠨ᠎ᠠ᠃     ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︽ᠵᠠᠭᠤᠨ ᠡᠷᠦᠬᠡ ᠳᠤ ᠣᠷᠣᠵᠤ᠂ ᠭᠦᠢᠲᠡᠨ ᠳᠤᠯᠠᠭᠠᠨ ᠢ ᠠᠰᠠᠭᠤᠬᠤ︾᠂ ᠥᠨᠳᠥᠷ ᠪᠠᠶᠢᠷᠢᠨ ᠳᠤ ᠥᠨᠳᠥᠷ ᠳᠠᠪᠲᠠᠮᠵᠢ ᠪᠠᠷ ᠲᠣᠬᠢᠷᠠᠭᠤᠯᠬᠤ ᠶᠢ ᠪᠠᠷᠢᠮᠲᠠᠯᠠᠨ᠂ ᠢᠯᠴᠢ ᠬᠠᠩᠭᠠᠬᠤ ᠠᠵᠢᠯᠯᠠᠭᠠᠨ ᠤ ᠪᠠᠶᠢᠳᠠᠯ ᠢ 24 ᠴᠠᠭ ᠢᠶᠠᠷ ᠵᠢᠵᠢᠭᠦᠷᠯᠡᠨ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠬᠠᠮᠤᠭ ᠤᠨ ᠲᠡᠷᠢᠭᠦᠨ ᠳᠤ ᠰᠢᠢᠳᠪᠦᠷᠢᠯᠡᠵᠦ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠢᠯᠴᠢ ᠬᠠᠩᠭᠠᠬᠤ ᠬᠦᠰᠡᠯ ᠱᠠᠭᠠᠷᠳᠠᠯᠭ᠎ᠠ ᠳᠤ ᠣᠨᠣᠪᠴᠢᠲᠠᠶ ᠬᠠᠷᠢᠭᠤᠯᠲᠠ ᠥᠭᠭᠦᠨ᠎ᠡ᠃ 10 ᠰᠠᠷ᠎ᠠ ᠶᠢᠨ 15 ᠤ ᠡᠳᠦᠷ᠂ ᠪᠥᠬᠦ ᠬᠤᠰᠢᠭᠤᠨ ᠤ ᠢᠯᠴᠢ ᠬᠠᠩᠭᠠᠬᠤ ᠠᠵᠤ ᠠᠬᠤᠶᠢᠯᠠᠯ ᠨᠢᠭᠡᠨᠲᠡ ᠤᠰᠤ ᠣᠷᠣᠭᠤᠯᠬᠤ᠂ ᠳᠠᠷᠤᠯᠲᠠ ᠥᠭᠬᠦ᠂ ᠡᠷᠭᠢᠯᠳᠦᠭᠦᠯᠬᠦ ᠠᠵᠢᠯ ᠢᠶᠠᠨ ᠳᠠᠭᠤᠰᠬᠠᠵᠤ᠂ ᠪᠣᠶ ᠪᠥᠬᠦᠶ ᠢᠯᠴᠢ ᠬᠠᠩᠭᠠᠬᠤ ᠥᠷᠲᠡᠭᠡ ᠵᠢᠩᠬᠢᠨᠢ ᠪᠠᠷ ᠠᠵᠢᠯᠯᠠᠬᠤ ᠪᠠᠶᠢᠳᠠᠯ ᠳᠠᠭᠠᠨ ᠣᠷᠣᠪᠠ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠥᠷᠪᠡᠨ ᠲᠤᠰᠬᠠᠶ ᠮᠡᠷᠭᠡᠵᠢᠯ ᠤᠨ ᠵᠠᠪᠳᠤᠨ ᠵᠠᠰᠠᠬᠤ ᠠᠩᠭᠢ ᠪᠠᠶᠢᠭᠤᠯᠵᠤ᠂ ᠠᠷᠠᠳ ᠣᠯᠠᠨ ᠤ ᠲᠤᠰᠬᠠᠭᠰᠠᠨ ᠠᠰᠠᠭᠤᠳᠠᠯ ᠢ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠲᠤ ᠬᠦᠷᠭᠡᠵᠦ᠂ ᠰᠢᠭᠤᠳ ᠰᠢᠢᠳᠪᠦᠷᠢᠯᠡᠨ᠂ ᠳᠤᠯᠠᠭᠠᠯᠠᠭ᠎ᠠ ᠶᠢᠨ ᠠᠵᠢᠯ ᠤᠨ ᠡᠯ᠎ᠡ ᠭᠤᠭᠴᠤᠭ᠎ᠠ ᠶᠢᠨ ᠲᠣᠭᠲᠠᠭᠤᠨ ᠪᠥᠭᠡᠳ ᠬᠡᠪ ᠤᠨ ᠪᠠᠶᠢᠳᠠᠯ ᠢ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠬᠠᠯᠠᠭᠤᠨ ᠤ ᠬᠡᠷᠡᠭᠯᠡᠭᠴᠢᠳ ᠲᠤ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠬᠠᠨᠤᠮᠵᠢᠲᠠᠶ ᠳᠤᠯᠠᠭᠠᠯᠠᠭ᠎ᠠ ᠶᠢᠨ ᠦᠶ᠋ᠯᠡᠴᠢᠯᠡᠭᠡ ᠬᠠᠩᠭᠠᠨ᠎ᠠ᠃     ︽ᠪᠢᠳᠡ ᠢᠯᠴᠢ ᠬᠠᠩᠭᠠᠬᠤ ᠬᠤᠭᠤᠯᠠᠶ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠨ ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠢᠯᠴᠢ ᠬᠠᠩᠭᠠᠬᠤ ᠶᠠᠰᠤ ᠴᠢᠨᠠᠷ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ ᠪᠢᠳᠡ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠴᠢ ᠬᠠᠩᠭᠠᠬᠤ ᠦᠷ᠎ᠡ ᠪᠦᠲᠦᠮᠵᠢ ᠶᠢ ᠪᠠᠲᠤᠯᠠᠵᠤ᠂ ᠣᠯᠠᠨ ᠲᠦᠮᠡᠨ ᠢ ᠳᠤᠯᠠᠭᠠᠬᠠᠨ ᠡᠪᠦᠯᠵᠢᠭᠦᠯᠦᠨ᠎ᠡ︾ ᠭᠡᠵᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠲᠤᠴᠢᠶᠠᠨ ᠳᠠᠷᠤᠭ᠎ᠠ ᠹᠧᠩ ᠳ᠋ᠦᠩ ᠢᠯᠡᠷᠬᠡᠶᠢᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号