ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠳᠤᠭᠤᠶᠢᠯᠠᠩ ᠳᠠᠭᠠᠭᠤᠯᠤᠨ ᠱᠠᠨᠳᠦ᠋ᠩ ᠮᠤᠵᠢ ᠶᠢᠨ ᠪᠢᠨᠵᠸᠤ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/1
     10 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠦᠯᠬᠦᠮ ᠳᠠᠭᠠᠭᠤᠯᠤᠨ ᠱᠠᠨᠳᠦ᠋ᠩ ᠮᠤᠵᠢ ᠶᠢᠨ ᠪᠢᠨᠵᠸᠤ ᠬᠤᠲᠠ ᠶᠢᠨ ᠱᠠᠨᠳᠦ᠋ᠩ ᠤᠨ ᠾᠧ ᠮᠧᠶ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ᠃ ᠪᠦᠯᠦᠭᠯᠡᠯ ᠤᠨ ᠶᠡᠷᠦᠩᠬᠡᠢ ᠵᠠᠬᠢᠷᠤᠭᠴᠢ ᠯᠢᠦ ᠢ ᠯᠢᠨ᠂ ᠱᠠᠨᠳᠦ᠋ᠩ ᠤᠨ ᠱᠧᠩ ᠹᠧᠩ ᠢᠳᠡᠭᠡᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠠᠨ ᠸᠧᠢ᠂ ᠥᠪᠥᠷ ᠮᠣᠩᠭᠤᠯ ᠤᠨ ᠵᠢᠦ ᠮᠦ ᠪᠣᠯᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠢᠦᠢ ᠭᠤᠸᠠᠩ ᠪᠠᠷ᠎ᠠ ᠪᠤᠯᠵᠤ ᠶᠠᠷᠢᠯᠴᠠᠬᠤ ᠬᠤᠷᠠᠯ ᠳᠤ ᠣᠷᠣᠯᠴᠠᠪᠠ᠃     ᠹᠠᠩ ᠷᠦᠢ ᠤᠷᠢᠳ ᠬᠤᠵᠢᠳ ᠠᠵᠤ ᠠᠬᠤᠶᠢᠯᠠᠯ ᠤᠨ ᠦᠢᠯᠡᠳᠪᠦᠷᠢᠯᠡᠵᠦ ᠡᠳ᠋ᠰᠢᠭᠦᠯᠬᠦ ᠦᠢᠯᠡᠳᠪᠦᠷᠢ ᠶᠢᠨ ᠲᠠᠰᠤᠭ᠂ ᠲᠤᠷᠰᠢᠯᠲᠠ ᠶᠢᠨ ᠲᠠᠰᠤᠭ ᠪᠣᠯᠤᠨ ᠢᠨᠲ᠋ᠧᠷ ᠰᠦᠯᠵᠢᠶᠡᠨ ᠤ ᠣᠶᠤᠨᠴᠢ ᠬᠠᠮᠢᠶᠠᠷᠤᠯᠲᠠ ᠶᠢᠨ ᠲᠠᠪᠴᠠᠩ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠵᠠᠭᠪᠤᠷ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠶᠠᠷᠢᠯᠴᠠᠬᠤ ᠬᠤᠷᠠᠯ ᠰᠣᠯᠢᠯᠴᠠᠭ᠎ᠠ ᠥᠷᠨᠢᠭᠦᠯᠵᠡᠢ᠃     ᠶᠠᠷᠢᠯᠴᠠᠬᠤ ᠬᠤᠷᠠᠯ ᠳᠡᠭᠡᠷ᠎ᠡ᠂ ᠯᠢᠦ ᠢ ᠯᠢᠨ ᠪᠦᠯᠦᠭᠯᠡᠯ ᠤᠨ ᠬᠥᠭᠵᠢᠯᠲᠡ ᠶᠢᠨ ᠲᠦᠢᠮᠣ ᠪᠠᠶᠢᠳᠠᠯ ᠪᠣᠯᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠳᠤ 45 ᠲᠦᠮᠡᠨ ᠲᠣᠨ ᠮᠠᠯ ᠵᠢᠭᠦᠷᠲᠡᠨ ᠤ ᠲᠡᠵᠢᠭᠡᠯ ᠪᠣᠷᠳᠤᠭ᠎ᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠠᠰᠢᠭᠲᠠᠶ ᠲᠣᠬᠢᠶᠠᠯ ᠢ ᠠᠰᠢᠭᠯᠠᠨ᠂ ᠲᠡᠵᠢᠭᠡᠯ ᠪᠣᠷᠳᠤᠭ᠎ᠠ ᠡᠳ᠋ᠰᠢᠭᠦᠯᠦᠨ ᠦᠢᠯᠡᠳᠪᠦᠷᠢᠯᠡᠬᠦ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠦᠷᠢᠶᠡᠨ ᠳᠤ ᠭᠦᠨᠵᠡᠭᠡᠶ ᠬᠠᠮᠲᠤᠷᠠᠯᠴᠠᠭ᠎ᠠ ᠬᠢᠬᠦ ᠶᠢ ᠬᠦᠰᠡᠵᠦ ᠪᠠᠶᠢᠨ᠎ᠠ ᠭᠡᠵᠡᠶ᠃     ᠹᠠᠩ ᠷᠦᠢ ᠢᠯᠡᠷᠬᠡᠶᠢᠯᠡᠬᠦ ᠳᠡᠭᠡᠨ᠂ ᠬᠠᠷᠠᠴᠢᠨ ᠬᠤᠰᠢᠭᠤᠨ ᠤᠮᠢᠬᠠᠨ ᠨᠤᠭᠤᠰᠤ᠂ ᠠᠯᠠᠰᠢᠨ ᠦᠬᠡᠷ ᠤᠨ ᠠᠵᠤ ᠦᠢᠯᠡᠰ ᠤᠨ ᠰᠠᠭᠤᠷᠢ ᠰᠠᠶᠢᠨ᠂ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠢᠯᠠᠩᠭᠤᠶ᠎ᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠪᠦᠷᠢᠨ ᠲᠥᠬᠦᠷ᠂ ᠠᠵᠤ ᠦᠢᠯᠡᠰ ᠤᠨ ᠬᠡᠯᠬᠢᠶ᠎ᠡ ᠪᠦᠷᠢᠨ ᠲᠡᠭᠦᠯᠳᠡᠷ ᠪᠠᠶᠢᠨ᠎ᠠ᠃ ᠾᠧ ᠮᠧᠶ ᠪᠦᠯᠦᠭᠯᠡᠯ ᠪᠣᠯ ᠲᠡᠵᠢᠭᠡᠯ ᠪᠣᠷᠳᠤᠭ᠎ᠠ ᠡᠳ᠋ᠰᠢᠭᠦᠯᠬᠦ ᠬᠦᠷᠢᠶᠡᠨ ᠤ ᠲᠡᠷᠢᠭᠦᠨ ᠤ ᠠᠵᠤ ᠠᠬᠤᠶᠢᠯᠠᠯ ᠮᠥᠨ᠂ ᠬᠠᠷᠠᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠰᠠᠨᠠᠭᠠᠨ ᠳᠤ ᠥᠬᠡᠶ ᠪᠠᠷ ᠨᠢᠭᠡᠳᠴᠦ ᠪᠠᠶᠢᠨ᠎ᠠ᠂ ᠠᠮᠧᠷᠢᠺᠠ ᠶᠢᠨ ᠪᠦᠯᠦᠭᠯᠡᠯ ᠲᠠᠢ ᠬᠠᠮᠲᠤ ᠪᠠᠷ ᠬᠠᠷᠠᠴᠢᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠥᠷᠢᠯᠡᠵᠦ ᠬᠡᠯᠬᠢᠶᠡᠵᠢᠯ ᠢ ᠴᠢᠩᠭᠠᠳᠬᠠᠬᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ 45 ᠲᠦᠮᠡᠨ ᠲᠣᠨ ᠮᠠᠯ ᠵᠢᠭᠦᠷᠲᠡᠨ ᠤ ᠲᠡᠵᠢᠭᠡᠯ ᠪᠣᠷᠳᠤᠭ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠠᠷᠠᠭᠠᠴᠢ ᠶᠢᠨ ᠠᠯᠬᠤᠮ ᠤᠨ ᠨᠠᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢ ᠬᠦᠰᠡᠵᠦ ᠪᠠᠶᠢᠨ᠎ᠠ ᠭᠡᠵᠡᠶ᠃     ᠹᠠᠩ ᠷᠦᠢ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠱᠠᠨᠳᠦ᠋ᠩ ᠮᠤᠵᠢ ᠬᠠᠷᠠᠴᠢᠨ ᠬᠤᠰᠢᠭᠤ ᠲᠠᠢ ᠠᠵᠤ ᠠᠬᠤᠶ᠂ ᠰᠣᠶᠣᠯ ᠢᠷᠭᠡᠨᠰᠢᠯ ᠵᠡᠷᠭᠡ ᠲᠠᠯ᠎ᠠ ᠪᠠᠷ ᠨᠢᠭᠲᠠ ᠶᠠᠪᠤᠯᠴᠠᠵᠤ᠂ ᠬᠠᠷᠠᠴᠢᠨ ᠳᠤ ᠪᠡᠯᠡ ᠣᠷᠣᠭᠤᠯᠬᠤ ᠪᠠᠷ ᠢᠷᠡᠭᠰᠡᠨ ᠱᠠᠨᠳᠦ᠋ᠩ ᠤᠨ ᠠᠵᠤ ᠠᠬᠤᠶᠢᠯᠠᠯ ᠲᠤᠭ᠎ᠠ ᠲᠣᠮᠰᠢ ᠦᠭᠡᠢ ᠤᠯᠠᠨ ᠪᠠᠶᠢᠵᠤ᠂ ᠡᠯ᠎ᠡ ᠲᠠᠯ᠎ᠠ ᠶᠢᠨ ᠬᠠᠮᠲᠤᠷᠠᠯᠴᠠᠭ᠎ᠠ ᠴᠥᠮ ᠪᠠᠶᠠᠷᠯᠠᠭᠤᠰᠢᠲᠠᠢ ᠠᠮᠵᠢᠯᠲᠠ ᠣᠯᠵᠠᠢ᠂ ᠡᠯ᠎ᠡ ᠠᠵᠤ ᠠᠬᠤᠶᠢᠯᠠᠯᠲᠠᠳ ᠬᠠᠷᠠᠴᠢᠨ ᠤ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠬᠠᠷᠠᠴᠢᠨ ᠢ ᠲᠠᠨᠢᠯᠴᠠᠭᠤᠯᠵᠤ᠂ ᠬᠠᠷᠠᠴᠢᠨ ᠢ ᠤᠬᠠᠭᠤᠯᠵᠤ ᠂ ᠬᠠᠷᠠᠴᠢᠨ ᠳᠤ ᠪᠡᠯᠡ ᠣᠷᠣᠭᠤᠯᠵᠤ᠂ ᠬᠠᠷᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ︽ᠠᠰᠠᠷᠠᠭᠴᠢ ᠮᠠᠶ᠋ᠢᠭ ᠤᠨ᠂ ᠬᠠᠮᠢᠶᠠᠷᠤᠭᠴᠢ ᠮᠠᠶ᠋ᠢᠭ︾ ᠤᠨ ᠬᠠᠯᠠᠭᠤᠨ ᠦᠢᠯᠡᠴᠢᠯᠡᠭᠡ ᠬᠠᠩᠭᠠᠵᠤ᠂ ᠡᠯ᠎ᠡ ᠲᠦᠷᠦᠯ ᠤᠨ ᠦᠢᠯᠡᠰ ᠤᠨ ᠲᠦᠷᠭᠡᠨ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃     ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠬᠤᠸᠠ ᠶᠠᠨ᠂ ᠪᠠᠭ᠎ᠠ ᠨᠡᠭᠦᠴᠡ ᠪᠠᠯᠭᠠᠰᠤ᠂ ᠬᠤᠰᠢᠭᠤᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠮᠦᠩᠭᠦᠨ ᠭᠦᠢᠯᠭᠡᠭᠡ ᠪᠠᠯᠠ ᠣᠷᠣᠭᠤᠯᠤᠯᠲᠠ ᠶᠢᠨ ᠲᠣᠪᠴᠢᠶ᠎ᠠ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号