ᠵᠣᠣ ᠶᠠᠨ ᠬᠤᠩ 2023 ᠣᠨ ᠤ 7 ᠳ᠋ᠤᠭᠠᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/10
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 7 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠸᠠᠩ ᠯᠢ ᠭᠦᠸᠧ᠂ ᠰᠢᠶ᠋ᠸ ᠶᠦᠨ ᠰᠥᠩ᠂ ᠢᠦᠶ ᠬᠤᠸᠠ ᠶᠠᠨ᠂ ᠵᠤᠸᠠᠩ ᠸᠧᠨ ᠳ᠋ᠢ ᠬᠤᠷᠠᠯ ᠳᠤ ᠣᠷᠣᠯᠴᠠᠪᠠ︔ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠰᠢᠶᠠᠨ ᠬᠤᠶ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃     ᠬᠤᠷᠠᠯ ᠠᠴᠠ 2023 ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠲᠠᠪᠤᠨ ᠶᠡᠭᠡ ᠡᠭᠦᠷᠭᠡ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ᠂ 2024 ᠣᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠡᠷᠡᠭᠵᠢᠭᠦᠯᠬᠦ ᠲᠥᠰᠦᠯ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢᠨ ᠰᠢᠯᠭᠠᠨ ᠬᠢᠨᠠᠬᠤ ᠠᠵᠢᠯ ᠢ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠤᠬᠢᠷᠠᠭᠤᠯᠵᠤ᠂ ᠰᠢᠯᠭᠠᠨ ᠬᠢᠨᠠᠬᠤ ᠵᠠᠷᠴᠢᠮ ᠪᠣᠯᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠦᠨᠡᠨᠬᠦ ᠰᠠᠶᠢᠲᠤᠷ ᠡᠵᠡᠮᠳᠡᠵᠦ᠂ ᠰᠢᠯᠭᠠᠨ ᠬᠢᠨᠠᠬᠤ ᠱᠠᠭᠠᠷᠳᠠᠯᠭ᠎ᠠ ᠪᠣᠯᠤᠨ ᠬᠤᠪᠢ ᠣᠯᠭᠤᠬᠤ ᠪᠠᠷᠢᠮᠵᠢᠶ᠎ᠠ ᠶᠢ ᠭᠦᠨᠵᠡᠭᠡᠢ ᠰᠤᠳᠤᠯᠤᠨ ᠤᠩᠰᠢᠵᠤ᠂ ᠡᠷᠬᠡᠪᠰᠢ ︽ᠰᠡᠳᠦᠪ ᠢ ᠰᠠᠶᠢᠲᠤᠷ ᠬᠢᠨᠠᠵᠤ︾᠂ ︽ᠪᠤᠷᠤᠭᠤ ᠰᠡᠳᠦᠪ ᠬᠠᠷᠢᠭᠤᠯᠵᠤ︾ ᠪᠣᠯᠬᠤ ᠦᠭᠡᠢ᠂ ᠪᠡᠶᠡᠴᠢ ᠲᠠᠯ᠎ᠠ ᠶᠢᠨ ᠰᠢᠯᠲᠠᠭᠠᠨ ᠠᠴᠠ ᠪᠤᠯᠵᠤ ᠬᠤᠪᠢ ᠠᠯᠳᠠᠬᠤ ᠪᠠᠶᠢᠳᠠᠯ ᠶᠠᠭᠠᠬᠢᠭᠰᠠᠨ ᠴᠤ ᠭᠠᠷᠭᠠᠵᠤ ᠪᠣᠯᠬᠤ ᠦᠭᠡᠢ᠂ ᠣᠨ ᠤ ᠰᠢᠯᠭᠠᠨ ᠬᠢᠨᠠᠬᠤ ᠬᠠᠷᠠᠯᠲᠠ ᠳᠤ ᠬᠦᠷᠬᠦ ᠶᠢ ᠪᠠᠲᠤᠯᠠᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠨᠠᠷ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ ᠂ ᠲᠣᠰ ᠲᠣᠰ ᠤᠨ ᠬᠦᠷᠢᠶᠡᠨ ᠳᠠᠬᠢ ᠬᠤᠪᠢ ᠶᠢᠨ ᠭᠦᠢᠴᠡᠳᠬᠡᠯ ᠲᠤᠭ᠎ᠠ ᠳᠤ ᠴᠢᠭᠯᠡᠭᠦᠯᠦᠨ ᠨᠠᠷᠢᠨ ᠬᠢᠨᠠᠮᠠᠭᠠᠶ ᠡᠮᠬᠢᠯᠡᠨ ᠰᠤᠳᠤᠯᠵᠤ ᠮᠠᠭᠠᠳᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠨᠡᠪᠲᠡᠷᠡᠯᠴᠡᠨ ᠵᠣᠬᠢᠴᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠨ ᠵᠢᠭᠠᠪᠤᠷᠢ ᠠᠪᠴᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ︔ ᠰᠠᠯᠠᠭ᠎ᠠ ᠮᠥᠴᠢᠷ ᠤᠳ ᠬᠤᠭᠤᠷᠣᠨᠳᠣ ᠪᠠᠨ ᠨᠢᠭᠲᠠ ᠬᠠᠮᠵᠢᠯᠴᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠵᠢᠯᠴᠠᠨ ᠠᠬᠢᠭᠤᠯᠵᠤ᠂ ᠡᠯ᠎ᠡ ᠵᠦᠢᠯ ᠤᠨ ᠰᠢᠯᠭᠠᠨ ᠬᠢᠨᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ᠬᠤᠷᠠᠯ ᠠᠴᠠ᠂ ᠲᠥᠰᠦᠯ ᠢ ᠵᠣᠬᠢᠰᠲᠠᠢ ᠲᠣᠭᠲᠠᠭᠠᠵᠤ᠂ ᠪᠦᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠰᠠᠭᠤᠭᠠᠯᠢ ᠠᠷᠠᠳ ᠤᠨ ᠬᠡᠷᠡᠭᠰᠡᠬᠦ ᠦᠨᠳᠦᠰᠦᠨ ᠵᠠᠷᠴᠢᠮ ᠶᠣᠰᠣᠭᠠᠷ᠂ ᠤᠯᠠᠨ ᠲᠠᠯ᠎ᠠ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠢᠲᠠᠮᠠᠬᠠᠢ ᠬᠡᠢ᠂ ᠤᠰᠤ ᠬᠠᠩᠭᠠᠬᠤ᠂ ᠢᠯᠴᠢ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠲᠠᠯ᠎ᠠ ᠪᠠᠷ ᠬᠦᠴᠦ ᠣᠷᠣᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠪᠣᠯᠤᠨ ᠲᠥᠬᠦᠭᠡᠷᠦᠮᠵᠢ ᠶᠢᠨ ᠨᠥᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠰᠠᠨᠠᠭ᠎ᠠ ᠶᠢ ᠬᠦᠨᠳᠦᠳᠬᠡᠵᠦ᠂ ᠤᠯᠠᠨ ᠲᠦᠮᠡᠨ ᠤ ᠰᠠᠨᠠᠯ ᠢ ᠠᠩᠬᠠᠷᠤᠨ ᠰᠣᠨᠣᠰᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠪᠣᠯᠤᠨ ᠬᠠᠮᠲᠤ ᠶᠢᠨ ᠬᠦᠰᠡᠯ ᠡᠷᠡᠮᠡᠯᠵᠡᠯ ᠢ ᠲᠣᠳᠣᠷᠬᠠᠢ ᠣᠶᠢᠯᠠᠭᠠᠵᠤ᠂ ᠬᠠᠷᠠᠯᠲᠠ ᠲᠠᠢ ᠪᠠᠷ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠬᠢᠬᠦ ᠬᠡᠷᠡᠭᠲᠡᠢ᠃ᠬᠤᠷᠠᠯ ᠠᠴᠠ ᠴᠢᠬᠤᠯᠠᠴᠢᠯᠠᠭᠰᠠᠨ ᠨᠢ᠂ 2023 ᠣᠨ ᠤᠳᠠᠯ ᠦᠭᠡᠢ ᠳᠠᠭᠤᠰᠴᠤ᠂ ᠪᠦᠬᠦ ᠵᠢᠯ ᠤᠨ ᠰᠢᠪᠲᠤᠯᠤᠯᠲᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠵᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠤᠨ ᠲᠦᠭᠵᠢᠷᠡᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠣᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠡᠴᠦᠰ ᠦᠨ ᠠᠵᠢᠯ ᠢ ᠳᠠᠭᠤᠰᠬᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠤ ᠳᠠᠷᠠᠭᠠᠬᠢ ᠦᠨᠡᠯᠡᠯᠲᠡ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠠᠢ᠃     ᠬᠤᠷᠠᠯ ᠠᠴᠠ ᠪᠠᠰᠠ ᠤᠯᠤᠰ ᠤᠨ ᠵᠠᠮ ᠤᠨ 306 ᠱᠤᠭᠤᠮ ᠤᠨᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ︵ᠮᠦᠤᠤ ᠵᠢᠶᠠ ᠳ᠋ᠢᠶᠠᠨ︶ ᠠᠴᠠ ᠨᠢᠦ ᠵᠢᠶᠠ ᠢᠩᠽᠢ ᠬᠥᠷᠬᠦ ᠵᠠᠰᠠᠮᠠᠯ ᠵᠠᠮ ᠤᠨ ᠢᠨᠵᠧᠨᠧᠷᠢᠩ ᠤᠨ ᠠᠬᠢᠴᠠ᠂ ᠪᠥᠬᠦ ᠬᠤᠰᠢᠭᠤᠨ ᠤ ᠬᠠᠤᠯᠢ ᠵᠥᠷᠢᠴᠡᠨ ᠭᠠᠵᠠᠷ ᠡᠵᠡᠯᠡᠭᠰᠡᠨ ᠪᠠᠶᠢᠳᠠᠯ ᠢ ᠴᠡᠭᠴᠡᠯᠡᠨ ᠵᠠᠰᠠᠬᠤ ᠠᠵᠢᠯ ᠤᠨ ᠠᠬᠢᠴᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ᠂ ᠭᠤᠷᠪᠠᠳᠤᠭᠠᠷ ᠤᠯᠠᠷᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ᠂ ᠣᠷᠣᠰᠢᠭᠤᠯᠭ᠎ᠠ ᠶᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号