ᠬᠡᠰᠢᠭᠲᠡᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠷᠠᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠰᠢᠨᠵᠢᠯᠡᠨ ᠪᠠᠶᠢᠴᠠᠭᠠᠵᠤ ᠰᠤᠷᠤᠯᠴᠠᠵᠠᠢ
ᠨᠡᠶᠢᠲᠡᠯᠡᠭᠰᠡᠨ ᠴᠠᠭ᠄
2023/11/2
     11 ᠰᠠᠷ᠎ᠠ ᠶᠢᠨ 1 ᠤ ᠦᠳᠡ ᠶᠢᠨ ᠬᠤᠶᠢᠨ᠎ᠠ᠂ ᠬᠡᠰᠢᠭᠲᠡᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠰᠢᠨᠵᠢᠯᠡᠨ ᠪᠠᠶᠢᠴᠠᠭᠠᠵᠤ ᠰᠤᠷᠤᠯᠴᠠᠪᠠ ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠠᠶ ᠮᠧᠶ ᠪᠠᠷ᠎ᠠ ᠪᠣᠯᠪᠠ᠃     ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠲᠤᠬᠠᠶ ᠶᠢᠨ ᠲᠠᠯᠠᠪᠠᠶ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠬᠠᠭᠤᠯᠭ᠎ᠠ ᠶᠢᠨ ᠠᠵᠢᠯ ᠤᠨ ᠲᠣᠪᠴᠢ ᠲᠡᠦᠬᠡ ᠶᠢ ᠲᠣᠭᠤᠷᠢᠨ ᠦᠵᠡᠵᠦ᠂ ᠠᠮᠢ ᠠᠬᠤᠶ ᠶᠢᠨ ᠪᠣᠯᠪᠠᠰᠤᠨ᠂ ᠦᠨᠳᠦᠰᠦᠲᠡᠨ ᠤ ᠪᠦᠯᠬᠦᠮᠳᠡᠯ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ 5 ᠤᠨᠴᠠᠯᠢᠭᠳᠤ ᠦᠵᠡᠭᠦᠯᠦᠯᠭᠡ ᠶᠢᠨ ᠲᠣᠭᠤᠷᠢᠭ ᠪᠠ ᠣᠨᠣᠯ ᠤᠨ ᠤᠬᠠᠭᠤᠯᠭ᠎ᠠ᠂ ᠬᠤᠲᠠ ᠶᠢᠨ ᠠᠷᠠᠳ ᠤᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠨᠣᠮ ᠤᠩᠰᠢᠬᠤ᠂ ᠰᠣᠶᠣᠯ ᠤᠨ ᠠᠵᠢᠯᠯᠠᠭ᠎ᠠ᠂ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠰᠠᠶᠢᠨ ᠳᠤᠷ᠎ᠠ ᠶᠢᠨ ᠠᠵᠢᠯᠯᠠᠭᠴᠢ ᠶᠢᠨ ᠭᠡᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠭᠦᠯᠬᠦ ᠪᠠᠭᠠᠵᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠲᠣᠭᠤᠷᠢᠭ᠂ ᠬᠤᠪᠢᠰᠬᠠᠯ ᠤᠨ ᠺᠢᠨᠣ᠋ ᠭᠠᠷᠭᠠᠬᠤ ᠲᠢᠩᠬᠢᠮ᠂ ᠶᠣᠰᠣ ᠰᠤᠷᠲᠠᠬᠤᠨ ᠤ ᠬᠢᠴᠢᠶᠡᠯ ᠤᠨ ᠲᠠᠩᠬᠢᠮ ᠵᠡᠷᠭᠡ 11 ᠴᠢᠳᠠᠮᠵᠢᠳᠤ ᠣᠷᠣᠨ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠢᠴᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠦᠵᠡᠬᠦ ᠪᠠᠷ᠂ ᠮᠠᠨ ᠤ ᠬᠤᠰᠢᠭᠤ ᠪᠦᠷᠢᠨ ᠲᠡᠭᠦᠯᠳᠡᠷ ᠭᠤᠷᠪᠠᠨ ᠳᠡᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ᠳᠦᠷᠢᠮ ᠲᠣᠭᠲᠠᠭᠠᠯ ᠲᠡᠭᠦᠯᠳᠡᠷᠵᠢᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠳᠡᠯᠭᠡᠷ᠂ ᠭᠦᠨ ᠭᠦᠨᠵᠡᠭᠡᠢ ᠥᠷᠨᠢᠭᠦᠯᠵᠦ᠂ ᠵᠢᠵᠢᠭ ᠰᠠᠵᠢᠭ ᠵᠦᠢᠯ ᠤᠳ ᠨᠢ ᠪᠣᠯᠪᠠᠰᠤᠨ ᠤ ᠦᠢᠯᠡᠳᠦᠯᠭᠡ ᠶᠢᠨ ᠣᠶᠢᠯᠠᠭᠠᠭᠳᠠᠬᠤᠨ ᠢ ᠢᠯᠡᠷᠡᠭᠦᠯᠵᠦ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠢ ᠬᠦᠳᠦᠯᠦᠨ ᠳᠠᠭᠠᠭᠤᠯᠬᠤ᠂ ᠬᠥᠮᠦᠨ ᠢ ᠰᠣᠶᠣᠯᠵᠢᠭᠤᠯᠬᠤ᠂ ᠬᠡᠪ ᠵᠠᠩᠰᠢᠯ ᠪᠣᠯᠭᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠳᠤ ᠨᠡᠩ ᠤᠯᠠᠨ ᠵᠣᠯ ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ ᠲᠦᠷᠦᠭᠳᠡᠯ ᠣᠯᠭᠤᠵᠠᠢ᠃     ᠣᠶᠢᠷ᠎ᠠ ᠶᠢᠨ ᠵᠢᠯ ᠤᠳ ᠲᠤ᠂ ᠮᠠᠨ ᠤ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠨᠢ ᠵᠣᠬᠢᠶᠠᠨ ᠪᠠᠶᠢᠭᠤᠯᠵᠤ ᠬᠤᠯᠪᠣᠭᠠᠯᠠᠨ ᠬᠥᠳᠡᠯᠦᠯᠴᠡᠬᠦ᠂ ᠣᠯᠠᠨ ᠲᠠᠯ᠎ᠠ ᠪᠠᠷ ᠡᠮᠬᠢᠯᠡᠨ ᠨᠡᠶᠢᠯᠡᠭᠦᠯᠬᠦ᠂ ᠨᠠᠷᠠᠲᠤ ᠲᠡᠮᠳᠡᠭᠲᠦ ᠪᠠᠷ ᠠᠬᠢᠭᠤᠯᠬᠤ᠂ ᠨᠡᠶᠢᠲᠡᠯᠢᠭ ᠵᠢᠱᠢᠶ᠎ᠡ ᠪᠠᠷ ︽ᠳᠥᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠤᠬᠠᠭᠤᠯᠬᠤ ᠪᠠᠷ ᠳᠡᠮᠵᠢᠨ᠂ ᠳᠡᠭᠡᠳᠦ ᠪᠠᠶᠢᠷᠢ ᠪᠠᠷ ᠠᠬᠢᠭᠤᠯᠬᠤ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠴᠢᠩᠭᠠᠳᠬᠠᠵᠤ ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠤᠯᠠᠨ ᠲᠦᠮᠡᠨ ᠤ ᠢᠲᠡᠭᠡᠯ ᠢᠶᠠᠨ ᠪᠠᠲᠤᠳᠬᠠᠬᠤ᠂ ᠲᠡᠮᠡᠴᠡᠯ ᠤᠨ ᠵᠣᠷᠢᠭ ᠢᠶᠠᠨ ᠬᠥᠪᠴᠢᠯᠡᠬᠦ᠂ ᠰᠡᠳᠬᠢᠯ ᠰᠠᠨᠠᠭ᠎ᠠ ᠪᠠᠨ ᠨᠢᠭᠡᠳᠬᠡᠬᠦ᠂ ᠪᠦᠯᠬᠦᠮᠳᠡᠨ ᠲᠡᠮᠡᠴᠡᠬᠦ ᠢᠲᠡᠭᠡᠯ ᠪᠢᠰᠢᠷᠡᠯ ᠤᠨ ᠲᠥᠪ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠵᠤ᠂ ᠵᠢᠭᠰᠠᠭᠠᠯ ᠤᠨ ᠭᠠᠵᠠᠷ ᠢᠶᠠᠷ ᠴᠠᠭᠠᠰᠤ ᠪᠣᠯᠭᠠᠵᠤ᠂ ᠦᠢᠯᠡᠴᠢᠯᠡᠭᠡ ᠪᠠᠷ ᠪᠢᠷ ᠪᠣᠯᠭᠠᠵᠤ᠂ ᠠᠵᠢᠯᠯᠠᠭ᠎ᠠ ᠪᠠᠷ ᠪᠡᠭᠡ ᠪᠠᠨ ᠪᠣᠯᠭᠠᠵᠤ᠂ ᠪᠣᠯᠪᠠᠰᠤᠨ ᠤ ᠦᠢᠯᠡᠳᠦᠯᠭᠡ ᠶᠢᠨ ᠰᠢᠨ᠎ᠡ ᠬᠠᠭᠤᠳᠠᠰᠤ ᠶᠢ ᠵᠢᠷᠤᠭᠯᠠᠬᠤ ᠪᠠᠷ ᠴᠢᠷᠮᠠᠶᠢᠬᠤ ᠬᠡᠷᠡᠭᠲᠡᠢ᠃     ᠡᠭᠦᠨ ᠤ ᠬᠠᠮᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠠᠶ ᠮᠧᠶ ᠪᠠᠰᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠠᠮ ᠵᠠᠭᠤᠴᠢᠯᠠᠭᠤᠷ ᠤᠨ ᠲᠥᠪ ᠤᠨ ᠡᠩᠨᠡᠭᠡᠨ ᠤ ᠪᠠᠶᠢᠭᠤᠯᠤᠯᠲᠠ᠂ ᠠᠵᠢᠯᠯᠠᠭᠠᠨ ᠤ ᠲᠣᠭᠲᠠᠴᠠ᠂ ᠰᠣᠨᠢᠨ ᠮᠡᠳᠡᠭᠡᠨ ᠤ ᠰᠤᠷᠪᠤᠯᠵᠢᠯᠠᠭ᠎ᠠ ᠨᠠᠶᠢᠷᠠᠭᠤᠯᠭ᠎ᠠ᠂ ᠰᠡᠭᠦᠯᠴᠢ ᠶᠢᠨ ᠬᠤᠭᠤᠴᠠᠭᠠᠨ ᠤ ᠵᠣᠬᠢᠶᠠᠨ ᠪᠦᠲᠦᠭᠡᠯᠭᠡ᠂ ᠲᠤᠰᠬᠠᠶ ᠰᠡᠳᠦᠪᠲᠦ ᠮᠡᠳᠡᠭᠡᠯᠡᠯ᠂ ᠬᠠᠮ ᠵᠠᠭᠤᠴᠢᠯᠠᠭᠤᠷ ᠤᠨ ᠨᠡᠭᠡᠭᠡᠨ ᠬᠥᠭᠵᠢᠭᠦᠯᠦᠯᠲᠡ ᠵᠢᠴᠢ ᠰᠠᠯᠠᠭ᠎ᠠ ᠮᠥᠴᠢᠷ ᠤᠨ ᠨᠡᠶᠢᠯᠡᠯ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号