ᠮᠠᠨ ᠤ ᠬᠤᠰᠢᠭᠤ ᠨᠠᠮ ᠵᠠᠰᠠᠭ ᠤᠨ ᠠᠯᠪᠠᠯᠠᠬᠤ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/20
     11 ᠰᠠᠷ᠎ᠠ ᠶᠢᠨ 16 ᠤ ᠡᠳᠦᠷ᠂ ᠮᠠᠨ ᠤ ᠬᠤᠰᠢᠭᠤ ᠨᠠᠮ ᠵᠠᠰᠠᠭ ᠤᠨ ᠠᠯᠪᠠᠯᠠᠬᠤ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ ᠬᠤᠷᠠᠯ ᠳᠤ ᠣᠷᠣᠯᠴᠠᠵᠠᠶ᠃     ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ᠂ ᠪᠦᠬᠦ ᠤᠯᠤᠰ ᠤᠨ ᠨᠠᠮ ᠤᠨᠬᠤᠷᠢᠶ᠎ᠡ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠶᠢᠨ ᠱᠦᠵᠢ ᠰᠦᠨ ᠱᠤᠤ ᠴᠧᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠣᠬᠤᠯᠠᠪᠤᠷᠢ᠂ ᠪᠦᠬᠦ ᠣᠷᠣᠨ ᠤ ᠨᠠᠮ ᠤᠨ ᠬᠤᠷᠢᠶ᠎ᠡ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃     ᠯᠢᠦᠶ ᠬᠠᠶ ᠳ᠋ᠦᠩ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠨᠠᠮ ᠵᠠᠰᠠᠭ ᠤᠨ ᠠᠯᠪᠠᠯᠠᠬᠤ ᠰᠢᠰᠲ᠋ᠧᠮ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠯᠪᠠᠯᠠᠬᠤ ᠰᠢᠰᠲ᠋ᠧᠮ ᠤᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠵᠤ ᠰᠤᠷᠤᠯᠴᠠᠬᠤ ᠪᠠᠷ ᠳᠡᠮᠵᠢᠨ᠂ ᠪᠥᠬᠦ ᠬᠤᠰᠢᠭᠤᠨ ᠤ ᠠᠯᠪᠠᠯᠠᠬᠤ ᠰᠢᠰᠲ᠋ᠧᠮ ᠤᠨ ︽ᠭᠤᠷᠪᠠ ᠳᠤ ᠦᠢᠯᠡᠴᠢᠯᠡᠬᠦ ︾ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠲᠠᠯ᠎ᠠ ᠪᠠᠷ ᠰᠠᠶᠢᠨ ᠦᠯᠢᠭᠡᠷ ᠳᠠᠭᠤᠷᠢᠶᠠᠯ ᠪᠤᠯᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ᠃ ᠡᠷᠬᠡᠪᠰᠢ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠲᠠᠯᠪᠢᠬᠤ ᠬᠡᠷᠡᠭᠲᠡᠶ᠃ ᠠᠷᠭ᠎ᠠ ᠬᠡᠯᠪᠡᠷᠢ ᠶᠢ ᠡᠵᠡᠮᠰᠢᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ︽ᠲᠦᠷᠭᠡᠨ᠂ ᠯᠠᠪᠳᠠᠭᠤᠨ᠂ ᠴᠢᠩᠭ᠎ᠠ᠂ ᠣᠨᠣᠪᠴᠢᠲᠠᠢ᠂ ᠨᠠᠷᠢᠯᠢᠭ᠂ ᠪᠣᠳᠠᠲᠠᠢ︾ ᠠᠵᠢᠯ ᠤᠨ ᠪᠠᠷᠢᠮᠵᠢᠶ᠎ᠠ ᠶᠢ ᠠᠯᠪᠠᠨ ᠭᠡᠷ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠵᠠᠰᠠᠭ ᠤᠨ ᠠᠯᠪᠠᠯᠠᠬᠤ ᠰᠢᠰᠲᠧᠮ ᠤᠨ ᠠᠵᠢᠯ ᠤᠨ ᠵᠢᠷᠤᠮᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠲᠦᠪᠰᠢᠨ ᠪᠣᠯᠤᠨ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠲᠦᠪᠰᠢᠨ ᠢᠶᠠᠨ ᠦᠨᠡᠨᠬᠦ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ᠂ ᠲᠦᠷᠢᠮ ᠲᠣᠭᠲᠠᠭᠠᠯ ᠤᠨ ᠤᠬᠠᠮᠰᠠᠷ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ᠂ ᠠᠵᠢᠯ ᠤᠨ ᠶᠠᠪᠤᠴᠠ᠂ ᠠᠵᠢᠯ ᠤᠨ ᠲᠦᠷᠢᠮ ᠢ ᠴᠢᠩᠭ᠎ᠠ ᠵᠢᠷᠤᠮᠯᠠᠵᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠵᠠᠢ᠃      ᠪᠤᠯᠪᠠᠰᠤᠷᠠᠯ ᠤᠨ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ ᠵᠢᠴᠢ ᠬᠤᠲᠠ ᠶᠢᠨ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠲᠣᠰ ᠲᠣᠰ ᠠᠯᠪᠠᠨ ᠪᠢᠴᠢᠭ ᠭᠦᠢᠴᠡᠳᠬᠡᠬᠦ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠲᠠᠩᠰᠠ ᠡᠪᠬᠡᠮᠡᠯ ᠤᠨ ᠬᠠᠮᠢᠶᠠᠷᠤᠯᠲᠠ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠠ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠠᠯᠪᠠᠨ ᠬᠡᠷ ᠤᠨ ᠠᠵᠢᠯ ᠤᠨ ᠬᠠᠷᠢᠭᠤᠴᠠᠯᠭᠠᠲᠠᠨ᠂ ᠠᠯᠪᠠᠨ ᠬᠡᠷ ᠤᠨ ᠡᠷᠬᠢᠯᠡᠭᠴᠢ᠂ ᠠᠯᠪᠠᠨ ᠬᠡᠷ ᠤᠨ ᠺᠠᠳ᠋ᠷ᠂ ᠬᠤᠰᠢᠭᠤᠨ ᠤ ᠬᠠᠷᠢᠶ᠎ᠠ ᠡᠯ᠎ᠡ ᠨᠢᠭᠡᠴᠡ ᠶᠢᠨ ᠬᠤᠪᠢᠳᠠᠨ ᠬᠠᠮᠢᠶᠠᠷᠬᠤ ᠠᠯᠪᠠᠨ ᠬᠡᠷ ᠤᠨ ᠠᠵᠢᠯ ᠤᠨ ᠬᠠᠷᠢᠭᠤᠴᠠᠯᠭᠠᠲᠠᠨ᠂ ᠠᠯᠪᠠᠨ ᠬᠡᠷ ᠤᠨ ᠺᠠᠳ᠋ᠷ ᠪᠣᠯᠤᠨ ᠬᠠᠮᠢᠶ᠎ᠠ ᠪᠥᠬᠦᠶ ᠠᠵᠢᠯᠲᠠᠨ ᠪᠣᠯᠪᠠᠰᠤᠷᠠᠯ ᠳᠤ ᠣᠷᠣᠯᠴᠠᠪᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号