ᠲᠠᠶᠢᠠ ᠵᠣᠬᠰᠣᠬᠤ ᠶᠢ ᠠᠬᠢᠭᠤᠯᠵᠤ ᠥᠨᠢ ᠤᠳᠠᠭᠠᠨ ᠤ ᠡᠩᠬᠡ ᠲᠠᠶᠢᠪᠤᠩ ᠠᠮᠤᠷ ᠲᠦᠪᠰᠢᠨ ᠢ ᠪᠡᠶᠡᠯᠡᠭᠦᠯᠦᠶ᠎ᠡ — ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠣᠨᠴᠠᠭᠠᠢ ᠸᠢᠳᠢᠤ᠋ ᠶᠢᠨ ᠲᠦᠷᠦᠭᠦᠴᠦᠳ ᠤᠨ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2023/11/22
ᠬᠦᠨᠳᠦᠲᠦ ᠯᠠᠮᠠᠹᠦ᠋ᠰᠠ ᠶᠡᠷᠦᠩᠬᠡᠶᠢᠯᠡᠭᠴᠢ ᠂   ᠬᠠᠮᠲᠤ ᠠᠵᠢᠯᠯᠠᠭᠰᠠᠳ ᠠ᠋ ᠄  ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠪᠣᠯ ᠠᠯᠳᠠᠨ ᠲᠣᠭᠤᠰᠭ᠋᠎ᠠ ᠤᠯᠤᠰ ᠤᠳ ᠤᠨ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ᠠᠩᠬᠠᠳᠠᠭᠴᠢ ᠤᠳᠤᠷᠢᠳᠬᠤ ᠬᠥᠮᠥᠰ ᠤᠨ ᠠᠭᠤᠯᠵᠠᠯᠲᠠ ᠪᠣᠯᠣᠨ᠎ᠠ ᠃ ᠡᠩ ᠲᠡᠷᠢᠭᠦᠨ ᠳᠤ ᠂ ᠪᠢ ᠠᠯᠳᠠᠨ ᠲᠣᠭᠤᠰᠭ᠋᠎ᠠ ᠤᠯᠤᠰ ᠤᠳ ᠤᠨ ᠰᠢᠨ᠎ᠡ ᠪᠦᠷᠢᠯᠳᠦᠭᠦᠨ ᠤᠯᠤᠰ ᠤᠨ ᠤᠳᠤᠷᠢᠳᠬᠤ ᠬᠥᠮᠥᠰ ᠢ ᠪᠠᠶᠠᠷᠯᠠᠨ ᠤᠭᠲᠤᠵᠤ ᠂ ᠶᠡᠷᠦᠩᠬᠡᠶᠢᠯᠡᠭᠴᠢ ᠯᠠᠮᠠᠹᠦ᠋ᠰᠠ ᠪᠣᠯᠣᠨ ᠡᠮᠦᠨᠡᠲᠦ ᠠᠹᠷᠢᠺᠠ ᠶᠢᠨ ᠵᠠᠰᠠᠭ ᠤᠨ ᠣᠷᠳᠣᠨ ᠤ ᠡᠨᠡ ᠤᠳᠠᠭ᠎ᠠ ᠶᠢᠨ ᠠᠭᠤᠯᠵᠠᠯᠲᠠ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ ᠃ ᠣᠳᠣᠬᠠᠨ ᠤ ᠪᠠᠶᠢᠳᠠᠯ ᠳᠣᠣᠷ᠎ᠠ ᠠᠯᠳᠠᠨ ᠲᠣᠭᠤᠰᠭ᠋᠎ᠠ ᠤᠯᠤᠰ ᠤᠳ ᠫᠠᠯᠧᠰᠲ᠋ᠠᠶᠢᠨ ᠢᠰᠷᠧᠯ ᠤᠨ ᠠᠰᠠᠭᠤᠳᠠᠯ ᠤᠨ ᠲᠤᠬᠠᠢ ᠰᠢᠳᠤᠷᠭᠤ ᠶᠣᠰᠣᠨ ᠤ ᠲᠠᠭᠤᠨ ᠂ ᠡᠩᠬᠡ ᠲᠠᠶᠢᠪᠤᠩ ᠤᠨ ᠲᠠᠭᠤᠨ ᠢ ᠴᠤᠤᠷᠢᠶᠠᠲᠤᠭᠤᠯᠤᠭᠰᠠᠨ ᠨᠢ ᠴᠠᠭ ᠲᠠᠭᠠᠨ ᠮᠠᠰᠢ ᠲᠣᠬᠢᠷᠠᠵᠤ ᠂ ᠮᠠᠰᠢ ᠴᠢᠬᠤᠯᠠᠲᠠᠢ ᠶᠤᠮ ᠃  ᠭᠠᠽᠠ ᠣᠷᠣᠨ ᠤ ᠮᠥᠷᠭᠦᠯᠳᠦᠭᠡᠨ ᠨᠢᠭᠡᠨᠲᠡ ᠰᠠᠷ᠎ᠠ ᠭᠠᠷᠤᠢ ᠦᠷᠭᠦᠯᠵᠢᠯᠡᠵᠦ ᠂ ᠶᠡᠭᠡ ᠬᠡᠮᠵᠢᠶᠡᠨ ᠤ ᠡᠭᠡᠯ ᠠᠷᠠᠳ ᠤᠨ ᠠᠳᠡᠯ ᠰᠢᠷᠬᠠᠲᠤᠯ ᠪᠠ ᠬᠥᠮᠦᠯᠢᠭ ᠦᠵᠡᠯ ᠤᠨ ᠭᠠᠢ ᠭᠠᠮᠰᠢᠭ ᠢ ᠪᠤᠶ ᠪᠤᠯᠭᠠᠬᠰᠠᠨ ᠪᠥᠭᠡᠳ ᠭᠠᠳᠠᠭᠰᠢ ᠥᠷᠭᠡᠳᠬᠦ ᠬᠠᠨᠳᠤᠰᠢ ᠶᠡᠬᠡᠳᠴᠦ ᠪᠠᠶᠢᠨ᠎ᠠ ᠂ ᠡᠭᠦᠨ ᠢ ᠳᠤᠮᠳᠠᠳᠤ ᠤᠯᠤᠰ ᠮᠠᠰᠢ ᠠᠩᠬᠠᠷᠴᠤ ᠪᠠᠶᠢᠨ᠎ᠠ ᠃ ᠣᠳᠣᠬᠠᠨ ᠤ ᠪᠠᠴᠢᠮ ᠡᠭᠦᠷᠭᠡ ᠭᠡᠪᠡᠯ ᠂ ᠨᠢᠭᠡ ᠳᠤ ᠂ ᠮᠥᠷᠭᠦᠯᠳᠦᠭᠡᠨ ᠲᠠᠢ ᠡᠯ᠎ᠡ ᠲᠠᠯ᠎ᠠ ᠶᠢᠨ ᠬᠢᠨ ᠳᠠᠷᠤᠢ ᠲᠦᠷᠭᠡᠨ ᠲᠤᠯᠤᠯᠳᠤᠬᠤ ᠪᠠᠨ ᠵᠣᠭᠰᠣᠵᠤ ᠂ ᠡᠭᠡᠯ ᠠᠷᠠᠳ ᠲᠤ ᠴᠢᠭᠯᠡᠭᠦᠯᠦᠭᠰᠡᠨ ᠠᠯᠢᠪᠠ ᠬᠦᠴᠦᠷᠬᠡᠭᠯᠡᠯ ᠪᠠ ᠳᠠᠭᠠᠷᠢᠯᠲᠠ ᠶᠢ ᠵᠣᠭᠰᠣᠭᠠᠵᠤ ᠂ ᠬᠤᠷᠢᠵᠤ ᠪᠠᠶᠢᠭ᠎ᠠ ᠡᠭᠡᠯ ᠠᠷᠠᠳ ᠢ ᠰᠤᠯᠠᠯᠠᠵᠤ ᠂ ᠨᠡᠩ ᠬᠦᠨᠳᠦ ᠨᠣᠴᠢᠲᠠᠢ ᠠᠮᠢ ᠨᠠᠰᠤᠨ ᠤ ᠠᠶᠤᠯ ᠵᠣᠪᠠᠯᠠᠩ ᠠᠮᠰᠠᠬᠤ ᠠᠴᠠ ᠵᠠᠶᠢᠯᠠᠰᠬᠢᠪᠡᠯ ᠵᠣᠬᠢᠨ᠎ᠠ ᠃ ᠬᠤᠶᠠᠷ ᠲᠤ ᠂ ᠬᠥᠮᠦᠯᠢᠭ ᠦᠵᠡᠯ ᠤᠨ ᠠᠪᠤᠷᠠᠨ ᠲᠤᠰᠠᠯᠠᠬᠤ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠂ ᠭᠠᠽᠠ ᠶᠢᠨ ᠠᠷᠠᠳ ᠤᠯᠠᠨ ᠳᠤ ᠨᠡᠩ ᠤᠯᠠᠨ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ ᠂ ᠠᠯᠪᠠᠳᠠᠯᠭ᠎ᠠ ᠪᠠᠷ ᠨᠡᠭᠦᠯᠭᠡᠬᠦ ᠶᠢ ᠵᠣᠭᠰᠣᠭᠠᠵᠤ ᠂ ᠤᠰᠤ ᠴᠠᠭᠢᠯᠭᠠᠨ ᠲᠣᠰᠣ ᠶᠢ ᠲᠠᠰᠤᠯᠬᠤ ᠵᠡᠷᠭᠡ ᠭᠠᠽᠠ ᠶᠢᠨ ᠠᠷᠠᠳ ᠤᠯᠠᠨ ᠳᠤ ᠴᠢᠭᠯᠡᠭᠦᠯᠦᠭᠰᠡᠨ ᠬᠠᠮᠲᠤ ᠶᠢᠨ ᠵᠠᠯᠬᠠᠭᠠᠯ ᠢ ᠵᠣᠭᠰᠤᠭᠠᠬᠤ ᠬᠡᠷᠡᠭᠲᠡᠢ ᠃ ᠭᠤᠷᠪᠠ ᠳᠤ ᠂ ᠳᠡᠯᠡᠬᠡᠢ ᠨᠡᠶᠢᠭᠡᠮ ᠢᠶᠠᠷ ᠢᠶᠠᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠮᠥᠷᠭᠦᠯᠳᠦᠭᠡᠨ ᠤ ᠥᠷᠭᠡᠵᠢᠵᠦ ᠂ ᠪᠦᠭᠦ᠋ᠢᠯᠡ ᠳᠤᠮᠳᠠᠳᠤ ᠳᠣᠷᠣᠨᠠᠲᠤ ᠶᠢᠨ ᠭᠠᠵᠠᠷ ᠣᠷᠣᠨ ᠤ ᠲᠣᠭᠲᠠᠭᠤᠨ ᠪᠠᠶᠢᠳᠠᠯ ᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠢ ᠃ ᠳᠤᠮᠳᠠᠳᠤ ᠤᠯᠤᠰ ᠤᠨ ᠬᠢᠨ 10 ᠰᠠᠷ᠎ᠠ ᠶᠢᠨ 27 ᠤ ᠡᠳᠦᠷ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠪᠠᠴᠢᠮ ᠣᠨᠴᠠᠭᠠᠢ ᠬᠤᠷᠠᠯ ᠠᠴᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠲᠤᠬᠠᠢ ᠪᠠᠲᠤᠯᠠᠭᠰᠠᠨ ᠰᠢᠢᠳᠪᠦᠷᠢ ᠶᠢ ᠳᠡᠮᠵᠢᠨ᠎ᠠ ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠠᠶᠤᠯ ᠦᠭᠡᠢ ᠶᠢᠨ ᠵᠥᠪᠯᠡᠯ ᠤᠨ 2712 ᠳ᠋ᠤᠭᠠᠷ ᠲᠣᠭᠠᠲᠤ ᠰᠢᠢᠳᠪᠦᠷᠢ ᠶᠢ ᠡᠷᠭᠢᠯᠡᠨ ᠪᠠᠲᠤᠯᠠᠪᠠ ᠃ ᠡᠯ᠎ᠡ ᠲᠠᠯ᠎ᠠ ᠶᠢᠨ ᠬᠢᠨ ᠰᠢᠢᠳᠪᠦᠷᠢ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠪᠠᠯ ᠵᠣᠬᠢᠨ᠎ᠠ ᠃  ᠫᠠᠯᠧᠰᠲ᠋ᠠᠶᠢᠨ ᠢᠰᠷᠧᠯ ᠤᠨ ᠪᠠᠶᠢᠳᠠᠯ ᠥᠨᠥᠳᠥᠷ ᠤᠨ ᠪᠠᠶᠢᠳᠠᠯ ᠳᠤ ᠭᠦᠷᠦᠭᠰᠡᠨ ᠤ ᠦᠨᠳᠦᠰᠦᠨ ᠰᠢᠯᠲᠠᠭᠠᠨ ᠪᠣᠯ ᠫᠠᠯᠧᠰᠲ᠋ᠠᠶᠢᠨ ᠤ ᠠᠷᠠᠳ ᠲᠦᠮᠡᠨ ᠤ ᠤᠯᠤᠰ ᠪᠠᠶᠢᠭᠤᠯᠬᠤ ᠡᠷᠬᠡ ᠂ ᠣᠷᠣᠰᠢᠨ ᠲᠣᠭᠲᠠᠨᠢᠬᠤ ᠡᠷᠬᠡ ᠂ ᠪᠤᠴᠠᠵᠤ ᠢᠷᠡᠬᠦ ᠡᠷᠬᠡ ᠶᠢ ᠣᠷᠳᠣ ᠬᠤᠭᠤᠴᠠᠭ᠎ᠠ ᠪᠠᠷ ᠣᠶᠢᠰᠢᠶᠠᠬᠤ ᠦᠭᠡᠢ ᠪᠠᠶᠢᠭᠰᠠᠨ ᠠᠴᠠ ᠪᠣᠯᠤᠭᠰᠠᠨ ᠶᠤᠮ ᠃ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠤ ᠣᠷᠴᠢᠯᠲᠠ ᠶᠢ ᠰᠢᠢᠳᠪᠦᠷᠢᠯᠡᠬᠦ ᠦᠨᠳᠦᠰᠦᠨ ᠠᠷᠭ᠎ᠠ ᠵᠠᠮ ᠪᠣᠯ ︽ ᠬᠤᠶᠠᠷ ᠤᠯᠤᠰ ᠤᠨ ᠲᠥᠰᠥᠯ ︾ ᠢ ᠨᠠᠶᠢᠳᠠᠪᠤᠷᠢᠵᠢᠭᠤᠯᠵᠤ ᠂ ᠫᠠᠯᠧᠰᠲ᠋ᠠᠶᠢᠨ ᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠰᠡᠷᠭᠦᠭᠡᠵᠦ ᠂ ᠲᠤᠰᠠᠭᠠᠷ ᠲᠣᠭᠲᠠᠨᠢᠭᠰᠠᠨ ᠫᠠᠯᠧᠰᠲ᠋ᠠᠶᠢᠨ ᠤᠯᠤᠰ ᠢ ᠪᠠᠶᠢᠭᠤᠯᠬᠤ ᠶᠠᠪᠤᠳᠠᠯ ᠪᠣᠯᠣᠨ᠎ᠠ ᠭᠡᠵᠦ ᠪᠢ ᠣᠯᠠᠨᠲᠠ ᠴᠢᠬᠤᠯᠠᠴᠢᠯᠠᠪᠠ ᠃ ᠫᠠᠯᠧᠰᠲ᠋ᠠᠶᠢᠨ ᠤ ᠠᠰᠠᠭᠤᠳᠠᠯ ᠢ ᠲᠥᠪ ᠭᠤᠣᠯᠴᠢ ᠪᠠᠷ ᠰᠢᠢᠳᠪᠦᠷᠢᠯᠡᠬᠦ ᠦᠭᠡᠢ ᠪᠣᠯ ᠳᠤᠮᠳᠠᠳᠤ ᠳᠣᠷᠣᠨᠠᠲᠤ ᠳᠤ ᠥᠨᠢ ᠤᠳᠠᠭᠠᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠪᠠᠶᠢᠵᠤ ᠴᠢᠳᠠᠬᠤ ᠦᠭᠡᠢ ᠃ ᠳᠤᠮᠳᠠᠳᠤ ᠤᠯᠤᠰ ᠤᠨ ᠬᠢᠨ ᠨᠡᠩ ᠡᠷᠬᠡ ᠰᠦᠷᠲᠦ ᠴᠢᠨᠠᠷᠲᠠᠢ ᠤᠯᠠᠨ ᠤᠯᠤᠰ ᠤᠨ ᠨᠠᠶᠢᠷᠠᠮᠳᠠᠯ ᠤᠨ ᠬᠤᠷᠠᠯ ᠢ ᠡᠷᠲᠡᠬᠡᠨ ᠬᠤᠷᠠᠯᠳᠤᠭᠤᠯᠵᠤ ᠂ ᠤᠯᠠᠨ ᠤᠯᠤᠰ ᠤᠨ ᠡᠩᠬᠡ ᠲᠠᠶᠢᠪᠤᠩ ᠢ ᠠᠬᠢᠭᠤᠯᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠫᠠᠯᠧᠰᠲ᠋ᠠᠶᠢᠨ ᠤ ᠠᠰᠠᠭᠤᠳᠠᠯ ᠢ ᠡᠷᠲᠡᠬᠡᠨ ᠪᠦᠭᠦ ᠲᠠᠯ᠎ᠠ ᠪᠠᠷ ᠂ ᠲᠥᠪ ᠭᠤᠣᠯᠴᠢ ᠂ ᠤᠳᠠᠭᠠᠨ ᠳᠠᠭᠠᠭᠠᠮᠠᠭᠠᠢ ᠪᠠᠷ ᠰᠢᠢᠳᠪᠦᠷᠢᠯᠡᠬᠦ ᠶᠢ ᠠᠬᠢᠭᠤᠯᠬᠤ ᠶᠢ ᠤᠷᠢᠶᠠᠯᠠᠵᠤ ᠪᠠᠶᠢᠨ᠎ᠠ ᠃  ᠲᠤᠰ ᠡᠭᠡᠯᠵᠢ ᠶᠢᠨ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠡᠭᠦᠰᠦᠭᠰᠡᠨ ᠠᠴᠠ ᠨᠠᠭᠠᠰᠢ ᠂ ᠳᠤᠮᠳᠠᠳᠤ ᠤᠯᠤᠰ ᠢᠳᠡᠪᠬᠢᠲᠡᠢ ᠪᠠᠷ ᠡᠶᠡᠳᠡᠬᠦ ᠶᠢ ᠢᠳᠬᠠᠨ ᠬᠡᠯᠡᠯᠴᠡᠭᠡ ᠶᠢ ᠠᠬᠢᠭᠤᠯᠵᠤ ᠂ ᠲᠠᠶᠢᠨ ᠵᠣᠬᠰᠣᠬᠤ ᠶᠢ ᠠᠬᠢᠭᠤᠯᠪᠠ ᠃ ᠭᠠᠽᠠ ᠶᠢᠨ ᠬᠥᠮᠦᠯᠢᠭ ᠦᠵᠡᠯ ᠤᠨ ᠪᠠᠶᠢᠳᠠᠯ ᠢ ᠨᠠᠮᠳᠠᠭᠤᠯᠬᠤ ᠶᠢᠨ ᠲᠥᠯᠥᠭᠡ ᠂ ᠲᠤᠮᠳᠠᠳᠤ ᠤᠯᠤᠰ ᠨᠢᠭᠡᠨᠲᠡ ᠫᠠᠯᠧᠰᠲ᠋ᠠᠶᠢᠨ ᠤ ᠦᠨᠳᠦᠰᠦᠲᠡᠨ ᠤ ᠡᠷᠬᠡᠲᠦ ᠪᠠᠶᠢᠭᠤᠯᠤᠮᠵᠢ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠪᠠᠶᠢᠭᠤᠯᠤᠮᠵᠢ ᠪᠠᠷ ᠲᠠᠮᠵᠢᠨ 200 ᠲᠦᠮᠡᠨ ᠳ᠋ᠣᠯᠯᠠᠷ ᠤᠨ ᠪᠠᠴᠢᠮ ᠠᠪᠤᠷᠠᠬᠤ ᠬᠥᠮᠦᠯᠢᠭ ᠦᠵᠡᠯ ᠤᠨ ᠲᠤᠰᠠᠯᠠᠮᠵᠢ ᠬᠠᠩᠭᠠᠵᠤ ᠂ ᠶᠧᠵᠢᠫᠲ ᠢᠶᠠᠷ ᠳᠠᠮᠵᠢᠨ ᠭᠠᠽᠠ ᠣᠷᠣᠨ ᠳᠤ 1500 ᠲᠦᠮᠡᠨ ᠲᠥᠭᠦᠷᠢᠭ ᠤᠨ ᠦᠷᠳᠡᠭ ᠪᠦᠬᠦᠢ ᠢᠳᠡᠭᠡᠨ ᠂ ᠡᠮ ᠤᠨ ᠵᠦᠢᠯᠡᠰ ᠵᠡᠷᠭᠡ ᠪᠠᠴᠢᠮ ᠠᠪᠤᠷᠠᠬᠤ ᠬᠥᠮᠦᠯᠢᠭ ᠦᠵᠡᠯ ᠤᠨ ᠡᠳ᠋ ᠪᠣᠳᠠᠰ ᠢ ᠬᠠᠩᠭᠠᠭᠰᠠᠨ ᠪᠥᠭᠡᠳ ᠭᠠᠽᠠ ᠶᠢᠨ ᠠᠷᠠᠳ ᠲᠦᠮᠡᠨ ᠤ ᠬᠡᠷᠡᠭᠴᠡᠭᠡ ᠶᠢ ᠦᠨᠳᠦᠰᠦᠯᠡᠨ ᠦᠷᠭᠦᠯᠵᠢᠯᠡᠨ ᠡᠳ᠋ ᠪᠣᠳᠠᠰ ᠤᠨ ᠲᠤᠰᠠᠯᠠᠮᠵᠢ ᠬᠠᠩᠭᠠᠬᠤ ᠪᠣᠯᠣᠨ᠎ᠠ ᠃ ᠳᠤᠮᠳᠠᠳᠤ ᠤᠯᠤᠰ ᠲᠤᠰ ᠰᠠᠷ᠎ᠠ ᠶᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠵᠢᠵᠢᠭᠦᠷ ᠲᠡᠷᠢᠭᠦᠯᠡᠭᠴᠢ ᠪᠣᠯᠤᠭᠰᠠᠨ ᠤ ᠬᠤᠪᠢ ᠳᠤ ᠂ ᠠᠶᠤᠯ ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ ᠰᠢᠢᠳᠪᠦᠷᠢ ᠶᠢ ᠪᠠᠲᠤᠯᠠᠬᠤ ᠶᠢ ᠠᠬᠢᠭᠤᠯᠵᠤ ᠂ ᠬᠥᠮᠦᠯᠢᠭ ᠦᠵᠡᠯ ᠤᠨ ᠲᠠᠶᠢᠨ ᠢ ᠲᠦᠷ ᠵᠣᠭᠰᠤᠭᠠᠬᠤ ᠪᠠ ᠬᠥᠮᠦᠯᠢᠭ ᠦᠵᠡᠯ ᠤᠨ ᠬᠤᠩᠭᠢᠯ ᠤᠨ ᠬᠤᠭᠤᠴᠠᠭ᠎ᠠ ᠶᠢ ᠤᠷᠲᠤᠳᠬᠠᠬᠤ ᠂ ᠡᠭᠡᠯ ᠠᠷᠠᠳ ᠢ ᠬᠠᠮᠠᠭᠠᠯᠠᠬᠤ ᠂ ᠬᠥᠮᠦᠯᠢᠭ ᠦᠵᠡᠯ ᠤᠨ ᠲᠤᠰᠠᠯᠠᠮᠵᠢ ᠦᠵᠡᠭᠦᠯᠭᠦ ᠵᠡᠷᠭᠡ ᠶᠢ ᠱᠠᠭᠠᠷᠳᠠᠪᠠ ᠃  ᠬᠠᠮᠲᠤ ᠠᠵᠢᠯᠯᠠᠭᠰᠠᠳ ᠠ᠋︕  ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠪᠣᠯ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ ᠴᠢᠬᠤᠯᠠ ᠲᠠᠪᠴᠠᠩ ᠪᠣᠯᠣᠨ᠎ᠠ ᠃ ᠥᠨᠥᠳᠥᠷ ᠂ ᠪᠢᠳᠠ ᠫᠠᠯᠧᠰᠲ᠋ᠠᠶᠢᠨ ᠢᠰᠷᠧᠯ ᠤᠨ ᠠᠰᠠᠭᠤᠳᠠᠯ ᠢᠶᠠᠷ ᠵᠣᠭᠰᠣᠯᠲᠠ ᠪᠠᠨ ᠵᠣᠬᠢᠴᠠᠭᠤᠯᠵᠤ ᠂ ᠠᠵᠢᠯᠯᠠᠭ᠎ᠠ ᠠᠪᠴᠤ ᠂ ᠪᠦᠷᠢᠯᠳᠦᠭᠦᠨ ᠢᠶᠠᠨ ᠥᠷᠭᠡᠳᠬᠡᠭᠰᠡᠨ ᠤ ᠳᠠᠷᠠᠭᠠᠬᠢ ︽ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ︾ ᠶᠢᠨ ᠰᠠᠶᠢᠨ ᠡᠭᠢᠯᠡᠯᠲᠡ ᠲᠠᠢ ᠪᠣᠯᠪᠠ ᠃ ᠡᠮᠦᠨᠡᠲᠦ ᠠᠹᠷᠢᠺᠠ ᠶᠢᠨ ᠡᠨᠡ ᠵᠢᠯ ᠤᠨ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ ᠃ ᠤᠷᠤᠰ ᠢᠷᠡᠬᠦ ᠵᠢᠯ ᠲᠡᠷᠢᠭᠦᠯᠡᠭᠴᠢ ᠤᠯᠤᠰ ᠪᠣᠯᠣᠨ᠎ᠠ ᠂ ᠳᠤᠮᠳᠠᠳᠤ ᠤᠯᠤᠰ ᠳᠤᠷᠠᠲᠠᠶ᠎ᠠ ᠪᠤᠰᠤᠳ ᠪᠦᠷᠢᠯᠳᠦᠭᠦᠨ ᠲᠠᠢ ᠬᠠᠮᠲᠤ ᠪᠠᠷ ᠤᠷᠤᠰ ᠤᠨ ᠠᠵᠢᠯ ᠢ ᠲᠡᠮᠵᠢᠵᠤ ᠂ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭᠠᠨ ᠤ ᠰᠢᠨ᠎ᠡ ᠴᠠᠭ ᠦᠶ᠎ᠡ ᠶᠢ ᠡᠭᠦᠳᠦᠨ᠎ᠡ ᠃  ᠲᠠ ᠣᠯᠠᠨ ᠳᠤ ᠪᠠᠶᠠᠷᠯᠠᠯ᠎ᠠ ︕ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号