ᠬᠤᠰᠢᠭᠣ ᠨᠠᠮ ᠤᠨ ᠬᠤᠷᠢᠶᠠᠨ ᠤ ᠱᠦᠵᠢ ᠹᠠᠩ ᠷᠦᠢ ᠭᠤᠤᠯ ᠰᠡᠳᠦᠪᠲᠦ ᠬᠥᠮᠦᠵᠢᠯ ᠢ ᠡᠷᠭᠢᠯᠡᠨ ᠬᠤᠷᠠᠯᠳᠤᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠬᠥᠮᠦᠵᠢᠯ ᠢ ᠡᠷᠭᠢᠯᠡᠨᠬᠤᠷᠠᠯᠳᠤᠭᠤᠯᠬᠤ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/11/23
     11 ᠰᠠᠷ᠎ᠠ ᠶᠢᠨ 22  ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠢ ᠡᠷᠭᠢᠯᠡᠨ ᠬᠤᠷᠠᠯᠳᠤᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠡᠳᠦᠪᠲᠦ ᠬᠥᠮᠦᠵᠢᠯ ᠢ ᠡᠷᠭᠢᠯᠡᠨᠬᠤᠷᠠᠯᠳᠤᠭᠤᠯᠬᠤ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠠᠪᠤᠭᠳᠠᠭᠤᠯᠪᠠ᠃ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠨᠤᠯ ᠤᠨ ᠭᠤᠣᠯ ᠳᠤᠭᠤᠶᠢᠯᠠᠩ ᠤᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃     ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠯᠢ ᠭᠦᠸᠧ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠧ ᠹᠧᠩ ᠭᠦᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠲᠣᠰ ᠲᠣᠰ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃     ᠬᠤᠷᠠᠯ ᠠᠴᠠ ᠴᠢᠩᠭᠠᠳᠬᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠠᠵᠢᠯ ᠪᠠᠶᠢᠴᠠᠭᠠᠬᠤ ᠳᠠᠭᠠᠨ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠨᠤᠯ ᠤᠨ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠠᠶᠢᠩᠭᠤ ᠶᠢᠨ ᠴᠢᠨᠠᠷᠲᠠᠢ ᠰᠤᠷᠤᠯᠴᠠᠬᠤ ᠠᠭᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤᠳᠬᠠᠬᠤ ᠤᠬᠠᠮᠰᠠᠷ ᠢ ᠦᠨᠳᠦᠰᠦᠲᠡᠨ ᠤ ᠠᠵᠢᠯ ᠤᠨ ᠬᠦᠷᠢᠶᠡᠨ ᠠᠴᠠ ᠡᠯ᠎ᠡ ᠵᠦᠢᠯ ᠤᠨ ᠠᠵᠢᠯ ᠲᠡᠰᠢ ᠥᠷᠭᠡᠳᠬᠡᠵᠦ᠂ ᠲᠡᠭᠦᠨ ᠢ ᠪᠦᠬᠦ ᠬᠦᠷᠢᠶ᠎ᠡ ᠂ ᠪᠦᠬᠦ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ᠃ ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠦᠨᠳᠦᠰᠦᠨ ᠱᠠᠲᠤᠨ ᠳᠤ ᠬᠠᠨᠳᠤᠭᠤᠯᠤᠨ ᠨᠠᠮ ᠤᠨ ᠬᠢᠴᠢᠶᠡᠯ ᠵᠢᠭᠠᠬᠤ ᠲᠣᠬᠢᠶᠠᠯ ᠢ ᠰᠠᠶᠢᠲᠤᠷ ᠠᠰᠢᠭᠯᠠᠵᠤ᠂ ᠰᠦᠨ ᠱᠤᠤ ᠴᠧᠩ ᠱᠦᠵᠢ ᠶᠢᠨ ᠳᠤᠷᠠᠳᠤᠭᠰᠠᠨ ︽ᠲᠠᠪᠤᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠢ ᠶᠠᠷᠢᠵᠤ᠂ ᠤᠯᠠᠨ ᠲᠦᠮᠡᠨ ᠤ ᠳᠡᠷᠭᠡᠳᠡᠬᠢ ᠶᠠᠪᠤᠳᠠᠯ᠂ ᠥᠩᠭᠡᠷᠡᠭᠦᠯᠦᠭᠰᠡᠨ ᠶᠠᠪᠤᠳᠠᠯ ᠢᠶᠠᠷ ᠶᠣᠰᠣ ᠤᠴᠢᠷ ᠢ ᠨᠡᠩ ᠢᠯᠡᠭᠦᠦ ᠲᠣᠳᠣᠷᠬᠠᠶᠢᠯᠠᠵᠤ᠂ ᠤᠯᠠᠨ ᠲᠦᠮᠡᠨ ᠢ ᠥᠴᠥᠭᠡᠳᠦᠷ ᠢ ᠪᠠᠲᠤ ᠴᠡᠭᠡᠵᠢᠯᠡᠬᠦ᠂ ᠥᠨᠥᠳᠦᠷ ᠢ ᠨᠠᠨᠳᠢᠩᠨᠠᠬᠤ᠂ ᠮᠠᠷᠭᠠᠰᠢ ᠶᠢ ᠮᠥᠷᠥᠭᠡᠳᠬᠦ ᠳᠤᠮᠳᠠ ᠨᠠᠮ ᠤᠨ ᠠᠴᠢ ᠶᠢ ᠴᠢᠩ ᠰᠡᠳᠬᠢᠯ ᠠᠴᠠ ᠪᠠᠨ ᠮᠡᠳᠡᠷᠡᠭᠦᠯᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ ᠰᠢᠶᠠᠨ ᠭᠠᠵᠠᠷ ᠤᠨ ᠳᠡᠰ ᠦᠨ ᠤᠳᠤᠷᠢᠳᠤᠯᠭ᠎ᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠨᠳᠦᠰᠦᠲᠡᠨ ᠤ ᠠᠵᠢᠯ ᠢ ᠠᠳᠬᠤᠬᠤ ᠬᠡᠷᠡᠭᠲᠡᠶ᠃ ᠨᠢᠭᠡᠳᠦᠮᠡᠯ ᠹᠷᠣᠨᠲ ᠤᠨ ᠬᠡᠯᠲᠡᠰ ᠠᠴᠠ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢ ᠰᠢᠪᠠᠳᠠᠨ ᠦᠨᠳᠦᠰᠦᠲᠡᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠭᠦᠯᠵᠦ᠂ ᠦᠨᠳᠦᠰᠦᠲᠡᠨ ᠤ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠪᠠ ᠲᠦᠯᠬᠢᠨ ᠠᠬᠢᠭᠤᠯᠬᠤ ᠬᠡᠷᠡᠭᠲᠡᠶ᠃ ᠬᠠᠤᠯᠢ ᠪᠠᠷ ᠵᠠᠰᠠᠬᠤ ᠰᠡᠳᠬᠢᠬᠦᠶ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠤᠴᠢᠷ ᠶᠠᠪᠤᠳᠠᠯ ᠪᠦᠲᠦᠭᠡᠬᠦ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠢᠷᠤᠮᠵᠢᠭᠤᠯᠤᠨ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠶ᠃ ᠠᠶᠤᠯ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠢ ᠪᠠᠶᠢᠭᠤᠯᠤᠨ ᠲᠡᠭᠦᠯᠳᠡᠷᠵᠢᠭᠦᠯᠵᠦ᠂ ᠤᠬᠠᠭᠤᠯᠭ᠎ᠠ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠣᠯᠴᠠᠭᠰᠠᠨ ᠦᠨᠳᠦᠰᠦᠲᠡᠨ ᠤ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠵᠣᠬᠢᠴᠠᠭᠤᠯᠤᠨ ᠰᠢᠢᠳᠪᠦᠷᠢᠯᠡᠬᠦ ᠲᠣᠭᠲᠠᠴᠠ᠂ ᠦᠨᠳᠦᠰᠦᠲᠡᠨ ᠤ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠬᠠᠷᠢᠶ᠎ᠠ ᠣᠷᠣᠨ ᠤ ᠬᠠᠮᠢᠶᠠᠷᠤᠯᠲᠠ ᠪᠠ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠶ᠎ᠡ ᠠᠴᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠬᠠᠮᠢᠶᠠᠷᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号