ᠥᠪᠡᠷᠲᠡᠭᠡᠨ ᠵᠠᠰᠠᠬᠤ ᠣᠷᠣᠨ ᠤ ᠰᠢᠪᠠᠳᠠᠨ ᠪᠠᠶᠢᠴᠠᠭᠠᠬᠤ ᠳᠤᠭᠤᠶᠢᠯᠠᠩ ᠬᠠᠷᠠᠴᠢᠨ ᠬᠤᠰᠢᠭᠤᠨ ᠳᠤ ᠬᠦᠷᠴᠦ ︽ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠶᠢᠴᠢᠯᠠᠬᠤ︾ ᠲᠦᠷᠢᠮ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠲᠤᠰᠬᠠᠶ ᠰᠢᠪᠠᠳᠠᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/23
     11 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠵᠧᠩ ᠵᠢᠶᠠᠨ ᠬᠤᠩ ᠬᠠᠷᠠᠴᠢᠨ ᠬᠤᠰᠢᠭᠤᠨ ᠳᠤ ᠬᠦᠷᠴᠦ ᠨᠠᠮ ᠤᠨ ᠪᠠᠶᠢᠭᠤᠯᠤᠯᠲᠠ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠭᠠᠭᠤᠯᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠳᠤ ᠬᠦᠴᠦᠨ ᠨᠡᠮᠡᠷᠢᠯᠡᠭᠰᠡᠨ ᠪᠠᠶᠢᠳᠠᠯ ᠢ ᠪᠠᠶᠢᠴᠠᠭᠠᠨ ᠰᠤᠳᠤᠯᠤᠪᠠ᠃ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ᠋ ᠬᠤᠩ ᠲᠦ᠋ ᠪᠠᠷ᠎ᠠ ᠪᠣᠯᠪᠠ᠃     ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠤᠨ ᠱᠠᠩ ᠱᠤᠤ ᠭᠦᠸᠧ ᠲᠣᠰᠬᠤᠨ ᠤ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ ᠲᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠡᠮᠡᠭᠲᠡᠶᠢᠴᠦᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠳᠤᠮᠳᠠ ᠦᠵᠡᠭᠦᠯᠦᠭᠰᠡᠨ ᠴᠢᠬᠤᠯᠠ ᠦᠢᠯᠡᠳᠦᠯ ᠪᠣᠯᠤᠨ ᠤᠢᠢᠷ᠎ᠠ ᠶᠢᠨ ᠵᠢᠯ ᠤᠨ ᠱᠠᠩ ᠱᠤᠤ ᠭᠦᠸᠧ ᠲᠣᠰᠬᠤᠨ ᠤ ᠡᠮᠡᠭᠲᠡᠶᠢᠴᠦᠳ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠶᠢ ᠨᠠᠷᠢᠨ ᠣᠶᠢᠯᠠᠭᠠᠪᠠ᠃ ᠵᠧᠩ ᠵᠢᠶᠠᠨ ᠬᠤᠩ ᠱᠠᠩ ᠱᠤᠤ ᠭᠦᠸᠧ ᠲᠣᠰᠬᠤᠨ ᠤ ᠨᠠᠮ ᠤᠨ ᠪᠠᠶᠢᠭᠤᠯᠤᠯᠲᠠ ᠪᠠᠷ ᠡᠮᠡᠭᠲᠡᠶᠢᠴᠦᠳ ᠢ ᠳᠠᠭᠠᠭᠤᠯᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠦᠵᠡᠭᠦᠯᠦᠭᠰᠡᠨ ᠦᠢᠯᠡᠳᠦᠯ ᠢ ᠭᠦᠢᠴᠡᠳ ᠨᠤᠲᠠᠯᠠᠭᠰᠠᠨ ᠤ ᠬᠠᠮᠲᠤ ᠪᠠᠰᠠ ᠬᠥᠳᠡᠭᠡ ᠲᠣᠰᠬᠤᠨ ᠤ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ᠂ ᠬᠠᠶᠢᠷ᠎ᠠ ᠬᠠᠯᠠᠮᠵᠢ ᠶᠢᠨ ᠬᠡᠳᠦ ᠳᠡᠯᠭᠡᠭᠦᠷ ᠤᠨ ᠪᠠᠶᠢᠭᠤᠯᠤᠯᠲᠠ ᠶᠢᠨ ᠪᠠᠶᠢᠳᠠᠯ᠂ ᠬᠠᠮᠲᠤ ᠶᠢᠨ ᠠᠵᠤ ᠠᠬᠤᠢ ᠵᠡᠷᠭᠡ ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠬᠥᠮᠦᠰ ᠲᠠᠢ ᠰᠠᠨᠠᠯ ᠢᠶᠠᠨ ᠰᠣᠯᠢᠯᠴᠠᠨ ᠶᠠᠷᠢᠯᠴᠠᠪᠠ᠃     ᠱᠠᠩ ᠱᠤᠤ ᠭᠦᠸᠧ ᠲᠣᠰᠬᠤᠨ ᠤ ᠡᠮᠡᠭᠲᠡᠶᠢᠴᠦᠳ ᠤᠨ ᠭᠡᠷ ᠲᠤ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠳᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠡᠮᠡᠭᠲᠡᠶᠢᠴᠦᠳ ᠤᠨ ᠭᠡᠷ ᠤᠨ ᠦᠵᠡᠯ ᠰᠠᠨᠠᠭᠠᠨ ᠤ ᠲᠠᠯ᠎ᠠ ᠪᠠᠷ ᠬᠦᠳᠦᠯᠦᠨ ᠳᠠᠭᠠᠭᠤᠯᠬᠤ᠂ ᠵᠥᠷᠢᠴᠡᠯ ᠢ ᠨᠠᠮᠳᠠᠭᠤᠯᠬᠤ᠂ ᠠᠵᠢᠯ ᠣᠯᠭᠤᠯᠲᠠ ᠶᠢᠨ ᠵᠢᠯᠤᠭᠤᠳᠤᠯᠭ᠎ᠠ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠣᠨᠴᠠᠯᠢᠭ ᠲᠠᠢ ᠠᠵᠢᠯ ᠢ ᠨᠠᠷᠢᠨ ᠣᠶᠢᠯᠠᠭᠠᠪᠠ᠃ ᠵᠧᠩ ᠵᠢᠶᠠᠨ ᠬᠤᠩ ᠱᠠᠩ ᠱᠤᠤ ᠭᠦᠸᠧ ᠲᠣᠰᠬᠤᠨ ᠤ ᠡᠮᠡᠭᠲᠡᠶᠢᠴᠦᠳ ᠤᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠭᠦᠢᠴᠡᠳ ᠨᠤᠲᠠᠯᠠᠪᠠ᠃ ᠲᠡᠷᠡ ᠴᠢᠬᠤᠯᠠᠴᠢᠯᠠᠭᠰᠠᠨ ᠨᠢ ᠂ ᠨᠠᠮ ᠤᠨ ᠪᠠᠶᠢᠭᠤᠯᠤᠯᠲᠠ ᠡᠮᠡᠭᠲᠡᠶᠢᠴᠦᠳ ᠤᠨ ᠪᠠᠶᠢᠭᠤᠯᠤᠯᠲᠠ ᠶᠢ ᠳᠠᠭᠠᠭᠤᠯᠬᠤ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠭᠴᠢ ᠭᠡᠰᠢᠭᠦᠨ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠢ ᠥᠷᠭᠡᠨ ᠢᠶᠠᠷ ᠳᠠᠶᠢᠴᠢᠯᠠᠵᠤ᠂ ᠨᠡᠩ ᠤᠯᠠᠨ ᠡᠮᠡᠭᠲᠡᠶᠢᠴᠦᠳ ᠢ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠭᠤᠯᠬᠤ ᠪᠠᠷ ᠬᠦᠳᠦᠯᠦᠨ ᠵᠢᠯᠣᠭᠤᠳᠴᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠲᠣᠭᠲᠠᠴᠠ ᠶᠢ ᠪᠠᠬᠢᠵᠢᠭᠦᠯᠦᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号