ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 12 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/24
     11 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 11 ᠳ᠋ᠦᠭᠡᠷ ᠤᠳᠠᠭᠠᠨ ᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠮᠠ ᠶᠦᠩ ᠭᠠᠩ ᠂ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠳᠡᠳ᠋ ᠬᠤᠰᠢᠭᠤᠨ ᠳᠠᠷᠤᠭ᠎ᠠ ᠰᠢᠶᠧ ᠶᠦᠨ ᠰᠥᠩ᠂ ᠸᠠᠩ ᠴᠢᠦ ᠶᠧ᠂ ᠢᠦᠶ ᠬᠤᠸᠠ ᠶᠠᠨ᠂ ᠵᠤᠸᠠᠩ ᠸᠧᠨ ᠳ᠋ᠢ ᠬᠤᠷᠠᠯ ᠳᠤ ᠣᠷᠣᠯᠴᠠᠵᠤ᠂ ᠳᠡᠳ᠋ ᠬᠤᠰᠢᠭᠤᠨ ᠳᠠᠷᠤᠭ᠎ᠠ ᠪᠢᠴᠢᠭᠲᠦ᠂ ᠯᠢᠦ ᠸᠧᠶ ᠬᠤᠷᠠᠯ ᠳᠤ ᠰᠤᠯᠠ ᠣᠷᠣᠯᠴᠠᠵᠠᠶ᠃     ᠬᠤᠷᠠᠯ ᠠᠴᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠬᠠᠮᠢᠶ᠎ᠠ ᠪᠥᠬᠦᠶ ᠶᠠᠪᠤᠳᠠᠯ ᠢ ᠰᠤᠳᠤᠯᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠤᠳᠤᠷᠢᠳᠬᠤ ᠪᠠᠭ ᠤᠨ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠵᠣᠬᠢᠴᠠᠭᠤᠯᠤᠨ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠰᠠᠨᠠᠯ ᠰᠠᠨᠠᠭᠤᠯᠭ᠎ᠠ ᠶᠢ ᠰᠤᠨᠤᠰᠴᠤ ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨ ᠬᠦ ᠨᠢᠭᠲᠠᠷᠠᠭᠤᠯᠵᠤ᠂ ᠪᠣᠳᠠᠲᠠᠶ ᠠᠵᠢᠯᠯᠠᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ᠃     ᠬᠤᠷᠠᠯ ᠠᠴᠠ᠂ ︽ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠲᠡᠭᠦᠪᠦᠷᠢ︾ ︽ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ︾ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ︿ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ﹀ ᠶᠢ ᠰᠤᠷᠤᠯᠴᠠᠨ ᠳᠡᠯᠭᠡᠷᠡᠭᠦᠯᠬᠦ ᠶᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠬᠤ ᠲᠤᠬᠠᠢ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ︾ ︽ᠰᠦᠨ ᠱᠤᠤ ᠴᠸᠩ᠂ ᠸᠠᠩ ᠯᠢ ᠰᠢᠶᠠ ᠨᠥᠬᠦᠷ ᠤᠨ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶ᠎ᠠ︾ ᠵᠡᠷᠭᠡ ᠳᠡᠭᠡᠳᠦ ᠱᠠᠲᠤᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠠᠢ᠃     ᠬᠤᠷᠠᠯ ᠠᠴᠠ ᠪᠠᠰᠠ ︽ ᠰᠢ ᠵᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ︾ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号