ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/11/24
  ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ  ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 23 ᠤ ᠴᠠᠬᠢᠯᠭᠠᠨ ᠮᠡᠳᠡᠭᠡ 11 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃  ᠰᠢ ᠶᠢᠨ ᠫᠢᠩ᠂ ᠣᠳᠣᠬᠠᠨ ᠳᠤ᠂ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶ᠎ᠠ ᠥᠷᠨᠢᠨ ᠬᠥᠭᠵᠢᠵᠦ᠂ ᠣᠯᠠᠨ ᠤᠯᠤᠰ ᠤᠨ ᠠᠷᠠᠯᠵᠢᠶᠠᠨ ᠤ ᠰᠢᠨ᠎ᠡ ᠭᠢᠯᠠᠰ ᠴᠡᠭ ᠪᠣᠯᠵᠠᠢ᠃ ᠣᠶᠢᠷ᠎ᠠ ᠶᠢᠨ ᠵᠢᠯ ᠠᠴᠠ᠂ ᠳᠤᠮᠳᠠᠳᠤ ᠤᠯᠤᠰ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠢᠳᠡᠪᠬᠢᠲᠡᠢ ᠵᠣᠯᠭᠠᠯᠴᠠᠵᠤ᠂ ᠲᠣᠭᠠᠴᠢᠯᠠᠭᠰᠠᠨ ᠠᠷᠠᠯᠵᠢᠶᠠᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠷᠠᠯᠵᠢᠶᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠬᠢᠶᠠᠯ ᠬᠠᠩᠭᠠᠪᠠ᠃  ᠡᠯ᠎ᠡ ᠲᠠᠯ᠎ᠠ ᠶᠢᠨ ᠬᠢᠨ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠤ ᠲᠠᠪᠴᠠᠩ ᠢ ᠭᠦᠢᠴᠡᠳ ᠠᠰᠢᠭᠯᠠᠵᠤ᠂ ᠬᠠᠮᠲᠤᠷᠠᠯᠴᠠᠭ᠎ᠠ ᠬᠢᠬᠦ ᠶᠢ ᠬᠠᠮᠲᠤ ᠪᠠᠷ ᠵᠥᠪᠳᠡᠯᠴᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠲᠣᠭᠠᠴᠢᠯᠠᠭᠰᠠᠨ ᠠᠷᠠᠯᠵᠢᠶ᠎ᠠ ᠶᠢ ᠬᠠᠮᠲᠤ ᠶᠢᠨ ᠬᠥᠭᠵᠢᠯᠲᠡᠡ ᠶᠢᠨ ᠰᠢᠨ᠎ᠡ ᠬᠥᠳᠡᠯᠭᠡᠭᠦᠷ ᠪᠣᠯᠭᠠᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃  ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠲᠣᠰ ᠡᠳᠦᠷ ᠵᠧᠵᠢᠶᠠᠩ ᠮᠤᠵᠢ ᠶᠢᠨ ᠬᠠᠩᠵᠸᠤ ᠬᠤᠲᠠ ᠳᠤ ᠡᠬᠢᠯᠡᠵᠦ᠂ ︽ᠲᠣᠭᠠᠴᠢᠯᠠᠭᠰᠠᠨ ᠠᠷᠠᠯᠵᠢᠶ᠎ᠠ ᠬᠤᠳᠠᠯᠳᠤᠭ᠎ᠠ ᠪᠠᠷ ᠪᠥᠬᠦ ᠪᠥᠮᠪᠥᠷᠴᠡᠭ ᠲᠤ ᠨᠡᠪᠲᠡᠷᠡᠨ᠎ᠡ︾ ᠭᠡᠬᠦ ᠪᠠᠷ ᠭᠤᠣᠯ ᠰᠡᠳᠦᠪ ᠪᠣᠯᠭᠠᠵᠤ᠂ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠬᠠᠮᠲᠤᠷᠠᠨ ᠭᠤᠣᠯᠯᠠᠨ ᠡᠷᠬᠢᠯᠡᠪᠡ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号