ᠬᠠᠷᠠᠴᠢᠨ ᠬᠤᠰᠢᠭᠤᠨ ᠤ ᠰᠠᠶᠢᠨ ᠡᠳ᠋ ᠪᠡᠭᠡᠵᠢᠩ ᠳᠤ ᠬᠦᠷᠬᠦ ᠠᠵᠢᠯᠯᠠᠭ᠎ᠠ ᠶᠢᠨ ᠲᠤᠬᠠᠶ ᠶᠡᠷᠦᠩᠬᠡᠶ ᠲᠣᠭᠠᠴᠢᠯ
ᠨᠡᠶᠢᠲᠡᠯᠡᠭᠰᠡᠨ ᠴᠠᠭ᠄
2023/11/28
     11 ᠰᠠᠷ᠎ᠠ ᠶᠢᠨ 27 ᠤ ᠡᠳᠦᠷ᠂ 5 ᠡᠳᠦᠷ ᠤᠨ ᠬᠤᠭᠤᠴᠠᠭ᠎ᠠ ᠲᠠᠢ ︽ᠤᠯᠠᠭᠠᠨᠬᠠᠳᠠ ᠶᠢᠨ ᠰᠠᠶᠢᠨ ᠡᠳ᠋ ᠪᠡᠭᠡᠵᠢᠩ ᠳᠤ ᠬᠦᠷᠬᠦ ︾ ᠲᠠᠨᠢᠯᠴᠠᠭᠤᠯᠭ᠎ᠠ ᠶᠢᠨ ᠠᠵᠢᠯᠯᠠᠭ᠎ᠠ ᠥᠨᠳᠥᠷᠯᠡᠪᠡ᠃ ᠲᠠᠨᠢᠯᠴᠠᠭᠤᠯᠬᠤ ᠠᠵᠢᠯᠯᠠᠭ᠎ᠠ ᠶᠢᠨ ᠪᠦᠷᠢᠯᠳᠦᠬᠦᠨ ᠬᠡᠰᠡᠭ ᠤᠨ ᠨᠢᠭᠡ ᠪᠣᠯᠤᠭᠰᠠᠨ ᠤ ᠬᠤᠪᠢ ᠳᠤ᠂ ︽ᠬᠠᠷᠠᠴᠢᠨ ᠬᠤᠰᠢᠭᠤᠨ ᠤ ᠰᠠᠶᠢᠨ ᠡᠳ᠋ ᠪᠡᠭᠡᠵᠢᠩ ᠳᠤ ᠬᠦᠷᠬᠦ︾ ᠨᠢ ᠨᠢᠭᠡ ᠤᠳᠠᠭᠠᠨ ᠤ ᠥᠨᠳᠥᠷ ᠶᠠᠰᠤ ᠴᠢᠨᠠᠷ ᠲᠠᠢ ︽ᠥᠪᠡᠷ ᠤᠨ ᠲᠠᠨᠢᠯᠴᠠᠭᠤᠯᠭ᠎ᠠ︾ ᠪᠣᠯᠬᠤ ᠮᠥᠷᠲᠡᠭᠡᠨ ᠪᠠᠰᠠ ᠨᠢᠭᠡ ᠤᠳᠠᠭᠠᠨ ᠤ ᠴᠢᠨᠠᠷ ᠴᠢᠨᠰᠠᠭ᠎ᠠ ᠲᠠᠢ ︽ᠥᠪᠡᠷ ᠤᠨ ᠲᠠᠨᠢᠯᠴᠠᠭᠤᠯᠭ᠎ᠠ︾ ᠪᠣᠯᠬᠤ ᠶᠤᠮ᠂ ᠮᠥᠨ ᠴᠦ ᠨᠢᠭᠡ ᠤᠳᠠᠭ᠎ᠠ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ︽ᠰᠡᠳᠬᠢᠬᠦᠶ ᠶᠢᠨ ᠬᠤᠪᠢᠰᠤᠯᠲᠠ︾ ᠪᠣᠯᠤᠨ᠎ᠠ᠂ ᠡᠨᠡ ᠬᠦ ᠲᠠᠪᠴᠠᠩ ᠢ ᠠᠰᠢᠭᠯᠠᠨ ᠬᠠᠷᠠᠴᠢᠨ ᠬᠤᠰᠢᠭᠤᠨ ᠤ ᠬᠢᠨ ᠦᠵᠡᠰᠬᠦᠯᠡᠩᠲᠦ ᠰᠠᠶᠢᠬᠠᠨ ᠠᠭᠤᠯᠠ ᠤᠰᠤ ᠦᠵᠡᠰᠬᠦᠯᠡᠩᠲᠦ ᠰᠠᠶᠢᠬᠠᠨ ᠥᠩᠭᠡ ᠦᠵᠡᠮᠵᠢ᠂ ᠰᠠᠶᠢᠨ ᠡᠳ᠋ ᠪᠣᠳᠠᠰ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠢᠨ ᠳᠠᠷᠪᠠᠭᠤᠯ ᠢ ᠠᠰᠢᠭᠯᠠᠨ ᠲᠡᠯᠡᠶ ᠳᠤ ᠭᠠᠷᠴᠤ᠂ ᠬᠦᠴᠦᠨ ᠴᠢᠳᠠᠯ ᠢ ᠠᠰᠢᠭᠯᠠᠨ ᠤᠷᠤᠭᠰᠢᠯᠠᠵᠤ᠂ ᠳᠠᠪᠠᠯᠲᠠ ᠶᠢᠨ ᠮᠠᠶ᠋ᠢᠭ ᠤᠨ ᠨᠢᠭᠡ ᠠᠯᠬᠤᠮ ᠢ ᠠᠯᠬᠤᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠬᠠᠷᠠᠴᠢᠨ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠵᠦᠢᠯ ᠡᠯᠪᠡᠭ ᠪᠠᠶᠠᠯᠢᠭ᠂ ᠥᠪᠡᠷᠮᠢᠴᠡ ᠣᠨᠴᠠᠯᠢᠭ ᠲᠠᠢ᠂ ᠪᠣᠬᠢᠷᠲᠤᠯ ᠥᠬᠡᠶ ᠣᠷᠴᠢᠨ ᠠᠬᠤᠶ ᠶᠢᠨ ᠬᠠᠮᠠᠭᠠᠯᠠᠯᠲᠠ ᠠᠴᠠ ᠪᠣᠯᠵᠣ᠂ ᠲᠤᠬᠠᠶ ᠶᠢᠨ ᠲᠠᠯᠠᠪᠤᠷ ᠲᠤ ᠬᠥᠮᠦᠨ ᠠᠮᠠ ᠲᠠᠰᠤᠷᠠᠯ ᠥᠬᠡᠶ ᠴᠤᠪᠤᠷᠠᠵᠤ᠂ ᠵᠣᠴᠢᠳ ᠢᠶᠠᠷ ᠳᠦᠭᠦᠷᠴᠦ ᠪᠠᠶᠢᠨ᠎ᠠ᠃ ᠤᠯᠠᠭᠠᠨᠬᠠᠳᠠ ᠬᠤᠲᠠ ᠶᠢᠨ ᠮᠧᠶ ᠯᠢᠨ ᠬᠥ᠋ ᠷᠠᠳᠣᠨ ᠤᠰᠤᠨ ᠤ ᠤᠮᠳᠠᠭᠠᠨ ᠤ ᠬᠢᠵᠠᠭᠠᠷᠲᠤ ᠺᠣᠮᠫᠠᠨᠢ ᠪᠣᠯᠤᠨ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠲᠤᠬᠠᠶ ᠶᠢᠨ ᠲᠠᠯᠠᠪᠤᠷ ᠲᠤ ᠮᠤᠤ ᠵᠢᠩ ᠪᠠ ᠪᠠᠶᠢᠭᠠᠯᠢ ᠶᠢᠨ ᠪᠤᠯᠠᠭ ᠤᠨ ᠤᠰᠤᠨ ᠤ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠥᠰᠥᠭ ᠵᠢᠷᠤᠵᠤ᠂ ᠤᠯᠠᠭᠠᠨᠬᠠᠳᠠ ᠶᠢᠨ ᠬᠤᠩ ᠹᠦ᠋ ᠲᠠᠷᠢᠶᠠᠯᠠᠩ ᠤᠨ ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠨ ︽ᠬᠤᠩ ᠹᠦ᠋ ᠱᠠᠪᠲᠠᠯ᠎ᠠ︾ ᠨᠢ ᠤᠯᠠᠨ ᠲᠦᠮᠡᠨ ᠦ ᠬᠦᠷᠢᠶᠡᠯᠡᠯ ᠢ ᠶᠡᠬᠡᠳᠡ ᠣᠯᠵᠤ᠂ ᠵᠣᠴᠢᠳ ᠲᠤ ᠬᠠᠮᠤᠭ ᠤᠨ ᠠᠮᠲᠠᠲᠠᠶ ᠲᠥᠪᠡᠳ ᠬᠠᠰᠢ ᠭᠡᠵᠦ ᠦᠨᠡᠯᠡᠭᠳᠡᠵᠡᠶ᠃ ᠵᠢᠦ ᠮᠦ ᠾᠧ ᠮᠢᠬᠠᠨ ᠨᠤᠭᠤᠰᠤ ᠶᠢᠨ ᠶᠠᠰᠤ ᠴᠢᠨᠠᠷ ᠨᠢ ᠰᠠᠶᠢᠨ ᠦᠨ᠎ᠡ ᠨᠢ ᠬᠢᠮᠳᠠ᠂ ᠬᠤᠳᠠ ᠶᠢᠨ ᠠᠷᠠᠳ ᠤᠨ ᠮᠠᠭᠲᠠᠭᠠᠯ ᠢᠶᠠᠷ ᠴᠥᠭᠡᠨ ᠪᠤᠰᠤ ᠬᠠᠭᠤᠴᠢᠨ ᠵᠣᠴᠢᠳ ᠪᠤᠯᠢᠶᠠᠯᠳᠤᠨ ᠬᠤᠳᠠᠯᠳᠤᠨ ᠠᠪᠬᠤ ᠪᠠᠷ ᠪᠤᠯᠢᠶᠠᠯᠳᠤᠵᠠᠢ᠃ ᠪᠥᠬᠦ ᠬᠤᠰᠢᠭᠤᠨ ᠤ ᠳᠡᠯᠭᠡᠨ ᠪᠣᠷᠣᠯᠠᠭᠤᠯᠬᠤ ᠪᠠ ᠵᠠᠬᠢᠶᠠᠯᠠᠭ᠎ᠠ ᠶᠢᠨ ᠪᠥᠬᠦ ᠵᠣᠭᠤᠰᠣᠨ ᠲᠤᠭ᠎ᠠ 500 ᠭᠠᠷᠤᠶ ᠲᠦᠮᠡᠨ ᠲᠥᠭᠦᠷᠢᠭ ᠬᠦᠷᠴᠦ᠂ ᠳᠤᠮᠳᠠᠳᠤ ᠤᠯᠤᠰ ᠤᠨ ᠲᠠᠷᠢᠶᠠᠴᠢᠨ ᠤ ᠬᠤᠯᠪᠣᠭ᠎ᠠ · ᠤᠯᠠᠭᠠᠨᠬᠠᠳᠠ ᠶᠢᠨ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠪᠠ ᠪᠡᠭᠡᠵᠢᠩ ᠤᠨ ᠬᠤᠩ ᠹᠦ᠋ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠪᠠᠯᠭᠠᠰᠤᠨ ᠤ ᠲᠥᠷᠥᠯ ᠵᠦᠢᠯ ᠵᠡᠷᠭᠡ ᠭᠤᠷᠪᠠᠨ ᠲᠥᠷᠥᠯ ᠵᠦᠢᠯ ᠤᠨ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠵᠤ᠂ ᠬᠡᠯᠡᠯᠴᠡᠭᠡᠷ ᠤᠨ ᠪᠠᠯᠠ ᠣᠷᠣᠭᠤᠯᠤᠯᠲᠠ ᠶᠢᠨ ᠵᠣᠭᠤᠰᠣᠨ ᠲᠤᠭ᠎ᠠ 88 ᠳ᠋ᠦᠩᠰᠢᠭᠤᠷ ᠲᠥᠭᠦᠷᠢᠭ ᠲᠤ ᠬᠦᠷᠴᠡᠶ᠃ ᠡᠭᠦᠨ ᠠᠴᠠ ᠭᠠᠳᠠᠨ᠎ᠠ᠂ 10 ᠭᠠᠷᠤᠶ ᠪᠡᠭᠡᠵᠢᠩ ᠤᠨ ᠠᠵᠤ ᠠᠬᠤᠶᠢᠯᠠᠯ ᠬᠠᠷᠠᠴᠢᠨ ᠬᠤᠰᠢᠭᠤ ᠲᠠᠢ ᠬᠠᠮᠲᠤᠷᠠᠨ ᠠᠵᠢᠯᠯᠠᠬᠤ ᠰᠠᠨᠠᠯ ᠲᠠᠢ ᠪᠣᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号