ᠪᠥᠬᠦ ᠬᠤᠰᠢᠭᠤᠨ ᠤ ᠬᠡᠰᠡᠭ ᠰᠢᠶᠠᠨ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/29
     ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠭᠦᠨᠵᠡᠭᠡᠶ ᠥᠷᠨᠢᠭᠦᠯᠬᠦ ᠶᠢᠨ ᠲᠥᠯᠥᠭᠡ᠂ 11 ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠬᠡᠰᠡᠭ ᠰᠢᠶᠠᠨ ᠭᠠᠵᠠᠷ ᠤᠨ ᠲᠠᠰ ᠤᠨ ᠤᠳᠤᠷᠢᠳᠬᠤ ᠺᠠᠳ᠋ᠷᠴᠤᠳ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠰᠣᠶᠣᠯ ᠤᠨ ᠵᠢᠭᠤᠯᠴᠢᠯᠠᠯ ᠡᠷᠡᠭᠦᠯ ᠮᠡᠨᠳᠦ ᠶᠢᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠳᠤ ︽ᠠᠵᠤ ᠦᠢᠯᠡᠰ ᠤᠨ ᠬᠥᠭᠵᠢᠯᠲᠡ ᠶᠢ ᠠᠵᠢᠭᠯᠠᠬᠤ᠂ ᠬᠦᠴᠦᠷᠬᠡᠭᠵᠢᠨ ᠮᠠᠨᠳᠤᠬᠤ ᠵᠣᠷᠢᠭ ᠢ ᠠᠵᠢᠭᠯᠠᠬᠤ — ᠬᠠᠷᠠᠴᠢᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠤᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      11 ᠰᠠᠷ᠎ᠠ ᠶᠢᠨ 29 ᠤ ᠡᠳᠦᠷ᠂ ᠬᠤᠰᠢᠭᠤᠨ ᠲᠠᠰ ᠤᠨ ᠤᠳᠤᠷᠢᠳᠤᠯᠭ᠎ᠠ ᠲᠤᠤ ᠮᠧᠩ ᠬᠤᠩ᠂ ᠰᠢᠤᠢ ᠵᠢᠶᠠᠨ ᠬᠤᠶ᠂ ᠸᠠᠩ ᠯᠢ ᠭᠦᠸᠧ᠂ ᠵᠦ᠋ ᠬᠤᠩ ᠲᠤ᠂ ᠯᠢᠦ ᠬᠠᠶ ᠮᠧᠶ᠂ ᠬᠠᠨ ᠸᠧᠶ ᠼᠠᠢ᠂ ᠮᠠ ᠢᠦᠶ ᠬᠦᠶ᠂ ᠷᠦᠩ ᠰᠢ ᠹᠧᠩ᠂ ᠰᠦᠶ ᠶᠠ ᠵᠢᠩ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠦᠢᠯᠡᠳᠪᠦᠷᠢᠯᠡᠯ ᠤᠨ ᠤᠷᠠᠯᠠᠯ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ︽ᠬᠤᠩ ᠹᠦ᠋ ᠱᠠᠪᠲᠠᠯ᠎ᠠ︾ ᠶᠢᠨ ᠨᠠᠷᠠᠲᠤ ᠲᠡᠮᠳᠡᠭᠲᠦ ᠶᠢ ᠬᠡᠷᠬᠢᠨ ᠠᠰᠢᠭᠯᠠᠵᠤ᠂ ᠬᠠᠷᠠᠴᠢᠨ ᠲᠥᠪᠡᠳ ᠬᠠᠰᠢ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠬᠦ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃     11 ᠰᠠᠷ᠎ᠠ ᠶᠢᠨ 30 ᠤ ᠡᠳᠦᠷ ᠦᠨ ᠦᠳᠡ ᠶᠢᠨ ᠡᠮᠦᠨ᠎ᠡ ᠂ ᠬᠣᠰᠢᠭᠤᠨ ᠤ ᠨᠠᠮ ᠤᠨ ᠬᠣᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠳᠠᠷᠤᠭ᠎ᠠ ᠵᠣᠣ ᠶᠠᠨ ᠬᠣᠩ ᠬᠣᠰᠢᠭᠤᠨ ᠤ ᠤᠳᠤᠷᠢᠳᠬᠤ ᠪᠠᠭ ᠤᠨ ᠭᠡᠰᠢᠭᠦᠨ ᠂ ᠬᠣᠰᠢᠭᠤᠨ ᠤ ᠤᠯᠤᠰ ᠲᠥᠷᠥ ᠶᠢᠨ ᠵᠥᠪᠯᠡᠯᠭᠡᠨ ᠦ ᠲᠡᠷᠢᠭᠦᠯᠡᠭᠴᠢ ᠵᠠᠩ ᠬᠤᠸᠠ ᠬᠣᠰᠢᠭᠤᠨ ᠤ ᠤᠯᠤᠰ ᠲᠥᠷᠥ ᠶᠢᠨ ᠵᠥᠪᠯᠡᠯᠭᠡᠨ ᠦ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢ ᠳᠠᠭᠠᠭᠤᠯᠤᠨ ᠥᠪᠥᠷ ᠮᠣᠩᠭᠣᠯ ᠤᠨ ᠬᠢᠲᠠᠳ ᠡᠮ ᠦᠨ ᠮᠠᠲ᠋ᠧᠷᠢᠶᠠᠯ ︵ᠮᠣᠩᠭᠣᠯ ᠡᠮ ᠦᠨ ᠮᠠᠲ᠋ᠧᠷᠢᠶᠠᠯ︶ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ ᠦᠶᠯᠡᠰ ᠦᠨ ᠬᠦᠷᠢᠶᠡᠯᠡᠩ ᠳᠦ ᠬᠦᠷᠴᠦ ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠂ ᠬᠢᠲᠠᠳ ᠮᠣᠩᠭᠣᠯ ᠡᠮ ᠦᠨ ᠮᠠᠲ᠋ᠧᠷᠢᠶᠠᠯ ᠢ ᠪᠣᠶᠢᠵᠢᠭᠤᠯᠤᠨ ᠪᠣᠷᠣᠯᠠᠭᠤᠯᠬᠤ ᠂ ᠬᠢᠲᠠᠳ ᠡᠮ ᠡᠮᠨᠡᠯᠭᠡ ᠶᠢᠨ ᠰᠣᠶᠣᠯ ᠤᠨ ᠪᠠᠶᠢᠭᠤᠯᠤᠯᠲᠠ ᠶᠢ ᠳᠡᠯᠭᠡᠷᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠣᠭᠣᠷᠢᠨ ᠦᠵᠡᠬᠦ ᠶᠠᠪᠤᠴᠠ ᠳᠤ ᠂ ᠲᠣᠭᠣᠷᠢᠨ ᠦᠵᠡᠭᠰᠡᠳ ᠬᠢᠲᠠᠳ ᠮᠣᠩᠭᠣᠯ ᠡᠮ ᠦᠨ ᠮᠠᠲ᠋ᠧᠷᠢᠶᠠᠯ ᠤᠨ ᠠᠵᠤ ᠦᠶᠯᠡᠰ ᠢ ᠬᠡᠷᠬᠢᠨ ᠨᠠᠩ ᠴᠢᠨᠠᠷ ᠰᠠᠶᠢᠲᠠᠶ ᠬᠥᠭᠵᠢᠭᠦᠯᠬᠦ ᠂ ᠣᠯᠠᠨ ᠲᠦᠮᠡᠨ ᠦ ᠣᠷᠣᠯᠭ᠎ᠠ ᠶᠢᠨ ᠨᠡᠮᠡᠭᠳᠡᠯ ᠢ ᠦᠨᠡᠨ ᠬᠦ ᠪᠠᠲᠤᠯᠠᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ ᠃     ᠲᠠᠷᠠᠭᠠᠴᠢ ᠶᠢᠨ ᠠᠯᠬᠤᠮ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠺᠠᠳ᠋ᠷ ᠣᠯᠠᠨ ᠲᠦᠮᠡᠨ ᠦᠷᠭᠦᠯᠵᠢᠯᠡᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠨ᠎ᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号