ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/3
     11 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ 2023 ᠣᠨ ᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠲᠤᠤ ᠮᠤᠩ ᠬᠤᠩ᠂ ᠰᠢᠤᠢ ᠵᠢᠶᠠᠨ ᠬᠤᠶ᠂ ᠵᠦ᠋ ᠬᠤᠩ ᠲᠦ᠋᠂ ᠸᠠᠩ ᠴᠢᠦ ᠶᠧ᠂ ᠯᠢᠦ ᠬᠠᠶ ᠮᠧᠶ᠂ ᠯᠢᠦᠶ ᠬᠠᠶ ᠳ᠋ᠦᠩ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ᠋ ᠬᠤᠩ ᠲᠦ᠋ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ ᠂ ᠵᠣᠬᠢᠶᠠᠨ ᠪᠠᠶᠢᠭᠤᠯᠤᠯᠲᠠ ᠶᠢᠨ ᠠᠵᠢᠯ ᠪᠠ 2023 ᠣᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠠᠶ ᠮᠧᠶ ᠲᠣᠰ ᠲᠣᠰ ᠰᠤᠷᠲᠠᠯ ᠤᠨ ᠪᠠᠶᠢᠭᠤᠯᠤᠯᠲᠠ ᠶᠢᠨ ᠠᠵᠢᠯ᠂ ᠦᠵᠡᠯ ᠰᠠᠨᠠᠭᠠᠨ ᠤ ᠪᠠᠶᠢᠭᠤᠯᠤᠯᠲᠠ ᠶᠢᠨ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃ ᠬᠤᠷᠠᠯ ᠳᠤ ᠣᠷᠣᠯᠴᠠᠭᠰᠠᠨ ᠨᠢᠭᠡᠴᠡ ᠨᠦᠭᠦᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠨᠢᠯᠲᠠ ᠪᠠᠨ ᠴᠢᠩᠭᠠᠳᠬᠠᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠨᠠᠮ ᠤᠨ ᠪᠠᠶᠢᠭᠤᠯᠤᠯᠲᠠ ᠶᠢᠨ ᠡᠯ᠎ᠡᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠨᠡᠶᠢᠯᠡᠮᠡᠯ ᠬᠦᠴᠦᠨ ᠢ ᠨᠢᠭᠲᠠᠷᠠᠭᠤᠯᠬᠤ᠂ ᠡᠭᠦᠷᠭᠡᠯᠡᠨ ᠪᠣᠳᠠᠲᠠᠶ ᠪᠠᠷ ᠠᠵᠢᠯᠯᠠᠬᠤ ᠳᠡᠭᠡᠷ᠎ᠡ ᠬᠦᠴᠦ ᠲᠠᠯᠪᠢᠵᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠤᠯᠤᠰ ᠲᠥᠷᠥ ᠶᠢᠨ ᠤᠬᠠᠮᠰᠠᠷ ᠪᠠ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠦᠨ ᠳᠠᠭᠠᠭᠤᠯᠵᠤ᠂ ᠺᠠᠳ᠋ᠷ ᠤᠨ ᠠᠵᠢᠯ ᠤᠨ ᠰᠤᠷᠲᠠᠯ ᠢ ᠦᠷᠭᠦᠯᠵᠢᠯᠡᠨ ᠬᠤᠪᠢᠷᠠᠭᠤᠯᠵᠤ᠂ ᠪᠠᠶᠢᠭᠤᠯᠤᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠷ᠎ᠡ ᠵᠢᠯ ᠤᠨ ᠰᠢᠯᠭᠠᠨ ᠬᠢᠨᠠᠵᠤ ᠬᠠᠷᠢᠭᠤ ᠲᠤᠰᠬᠠᠬᠤ ᠠᠰᠠᠭᠤᠳᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠠᠭᠠᠨᠬᠠᠳᠠ ᠬᠤᠲᠠ ᠶᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠵᠡᠷᠭᠡ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠰᠠᠶᠢᠲᠤᠷ ᠠᠳᠬᠤᠵᠤ᠂ ᠠᠯᠳᠠᠭᠳᠠᠯ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠥᠷᠢᠯᠡᠬᠦ ᠶᠢᠨ ᠬᠠᠮᠲᠤ᠂ ᠠᠵᠢᠯ ᠤᠨ ᠦᠷ᠎ᠡ ᠪᠦᠲᠦᠮᠵᠢ ᠪᠠ ᠬᠢᠯᠠᠰ ᠴᠡᠭ ᠢ ᠪᠥᠬᠦ ᠲᠠᠯ᠎ᠠ ᠪᠠᠷ ᠡᠮᠬᠢᠯᠡᠨ ᠬᠤᠷᠢᠶᠠᠩᠭᠤᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠨᠠᠩ ᠶᠡᠭᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠨᠦᠭᠦᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠶᠢᠨ ᠱᠦᠵᠢ ᠶᠢᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠡᠭᠦᠷᠭᠡᠯᠡᠯ ᠢ ᠨᠠᠶᠢᠳᠠᠪᠤᠷᠢᠵᠢᠭᠤᠯᠬᠤ ᠲᠤᠬᠠᠶ ᠲᠤᠰᠬᠠᠶ ᠵᠦᠢᠯ ᠤᠨ ᠬᠠᠷᠠᠯᠲᠠᠲᠤ ᠬᠢᠨᠠᠨ ᠰᠢᠯᠭᠠᠬᠤ ᠭᠦᠢᠴᠡᠳᠬᠡᠯ ᠲᠣᠭᠠᠨ ᠤ ᠰᠢᠰᠲ᠋ᠧᠮ ᠪᠠ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠲᠠᠢ ᠬᠠᠷᠢᠴᠠᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠵᠦᠢᠯ ᠳᠠᠷᠠᠭᠠᠯᠠᠨ ᠨᠠᠷᠢᠨ ᠬᠢᠨᠠᠮᠠᠭᠠᠶ ᠬᠠᠷᠢᠴᠠᠭᠤᠯᠤᠨ ᠡᠮᠬᠢᠯᠡᠵᠦ᠂ ᠳᠡᠭᠡᠭᠰᠢ ᠵᠣᠯᠭᠠᠭᠤᠯᠤᠨ ᠨᠡᠪᠲᠡᠷᠡᠯᠴᠡᠵᠦ ᠬᠠᠷᠢᠭᠤ ᠮᠡᠳᠡᠭᠦᠯᠬᠦ ᠶᠢ ᠴᠢᠩᠭᠠᠷᠠᠭᠤᠯᠤᠨ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠨᠥᠬᠦᠪᠥᠷᠢᠯᠡᠬᠦ ᠶᠢ ᠴᠢᠬᠤᠯᠠᠴᠢᠯᠠᠵᠤ᠂ ᠣᠨ ᠤ ᠶᠡᠷᠦᠩᠬᠡᠶᠢᠯᠡᠭᠰᠡᠨ ᠬᠢᠨᠠᠨ ᠰᠢᠯᠭᠠᠯᠲᠠ ᠳᠤ ᠬᠠᠮᠤᠭ ᠤᠨ ᠰᠠᠶᠢᠨ ᠬᠢᠷᠢ ᠪᠦᠲᠦᠮᠵᠢ ᠤᠯᠬᠤ ᠪᠠᠷ ᠬᠦᠴᠦᠯᠡᠨ ᠴᠢᠷᠮᠠᠶᠢᠨ᠎ᠠ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号