ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 45 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/6
     11 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠵᠢᠷᠭᠤᠳᠤᠭᠠᠷ ᠬᠤᠭᠤᠴᠠᠭᠠᠨ ᠤ 45 ᠳ᠋ᠤᠭᠠᠷ ᠤᠳᠠᠭᠠᠨ ᠤ ᠪᠠᠶᠢᠩᠬᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠵᠠᠰᠠᠭ ᠤᠨ ᠣᠷᠳᠣᠨ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ︽ᠬᠤᠶᠠᠷ ᠬᠤᠷᠢᠶ᠎ᠠ︾ ᠶᠢᠨ ᠬᠠᠮᠢᠶ᠎ᠠ ᠪᠥᠬᠦᠶ ᠭᠠᠵᠠᠷ ᠤᠨ ᠲᠠᠰ ᠤᠨ ᠤᠳᠤᠷᠢᠳᠤᠯᠭ᠎ᠠ ᠰᠤᠯᠠ ᠣᠷᠣᠯᠴᠠᠵᠠᠶ᠃     ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠵᠣᠷᠢᠭ ᠰᠠᠨᠠᠭ᠎ᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠵᠣᠷᠢᠭ ᠰᠠᠨᠠᠭ᠎ᠠ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠣᠭᠲᠠᠭᠠᠬᠤ ᠠᠵᠢᠯ ᠤᠨ ᠲᠠᠪᠤᠨ ᠵᠢᠯ ᠤᠨ ᠲᠥᠯᠥᠪᠵᠢᠭᠦᠯᠭᠡ ︵2023 - 2027 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠪᠣᠯᠤᠨ ᠰᠦᠨ ᠱᠣᠣ ᠴᠧᠩ᠂ ᠸᠠᠩ ᠯᠢ ᠰᠢᠶᠠ ᠨᠥᠬᠦᠷ ᠤᠨ ᠪᠦᠬᠦ ᠣᠷᠣᠨ ᠤ ᠭᠤᠣᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠷᠢᠭᠤ ᠲᠤᠰᠬᠠᠭᠰᠠᠨ 2022 ᠣᠨ ᠤ ᠬᠤᠰᠢᠭᠤᠨ ᠤ ᠤᠳᠤᠷᠢᠳᠬᠤ ᠪᠠᠭ ᠤᠨ ᠪᠡᠶᠡᠯᠡᠭᠦᠯᠦᠭᠡᠳᠦᠶ ᠠᠵᠢᠯ ᠤᠨ ᠡᠭᠦᠷᠭᠡ ᠪᠠ ᠣᠷᠣᠰᠢᠵᠤ ᠪᠠᠶᠢᠭ᠎ᠠ ᠭᠤᠤᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ 2023 ᠣᠨ ᠤ ᠪᠥᠬᠦ ᠬᠤᠰᠢᠭᠤᠨ ᠤ ᠥᠷᠢ ᠰᠢᠷᠢ ᠪᠠᠨ ᠠᠷᠢᠯᠭᠠᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ︽ᠠᠷᠪᠠᠨ ᠵᠢᠷᠭᠤᠳᠤᠭᠠᠷ ᠬᠤᠭᠤᠴᠠᠭᠠᠨ ᠤ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 — 2026 ᠣᠨ︶ ︵ᠬᠢᠨᠠᠨ ᠵᠥᠪᠯᠡᠬᠦ ᠨᠣᠤᠷᠠᠭ︶︾ ᠶᠢ ᠬᠢᠨᠠᠨ ᠵᠥᠪᠯᠡᠪᠡ᠃     ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠪᠥᠬᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠰᠢ ᠶᠢᠨ ᠫᠢᠩ ᠰᠣᠶᠣᠯ ᠤᠨ ᠦᠵᠡᠯ ᠰᠠᠨᠠᠭᠠᠨ ᠤ ᠰᠤᠷᠤᠯᠴᠠᠯᠭ᠎ᠠ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠠᠴᠢᠨ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠡᠯ᠎ᠡ ᠲᠠᠯ᠎ᠠ ᠪᠠ ᠪᠥᠬᠦ ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠪᠣᠳᠠᠲᠠᠶ ᠲᠥᠷᠥ ᠶᠢᠨ ᠪᠣᠳᠣᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠡᠪᠴᠢᠶᠡᠨ ᠳᠤ ᠨᠢᠭᠡ ᠤᠳᠠᠭᠠᠨ ᠤ ᠶᠡᠭᠡ ᠬᠡᠪᠴᠢᠶᠡᠨ ᠤ ᠰᠤᠷᠤᠯᠴᠠᠯᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠴᠢᠭᠯᠡᠯ ᠤᠨ ᠴᠢᠨᠠᠷᠲᠠᠶ ᠲᠥᠷᠥ ᠶᠢᠨ ᠪᠣᠳᠣᠯᠭ᠎ᠠ ᠳᠤ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠪᠠ ᠡᠨᠧᠷᠭᠢ ᠶᠢ ᠭᠦᠢᠴᠡᠳ ᠠᠭᠤᠳᠠᠯᠤᠨ ᠭᠠᠷᠭᠠᠵᠤ᠂ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠨ ᠂ ᠲᠥᠷᠥᠯ ᠵᠦᠢᠯ ᠂ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠰᠢᠩᠭᠡᠭᠡᠨ ᠠᠪᠴᠤ᠂ ᠮᠠᠨ ᠤ ᠬᠤᠰᠢᠭᠤᠨ ᠤ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠬᠤ ᠶᠢ ᠲᠡᠮᠡᠴᠡᠨ ᠤᠯᠬᠤ ᠳᠤ ᠰᠠᠭᠤᠷᠢ ᠶᠢ ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ︽ᠲᠠᠪᠤᠨ ᠶᠡᠭᠡ ᠡᠭᠦᠷᠭᠡ︾ ᠶᠢᠨ ᠡᠭᠦᠷᠭᠡᠯᠡᠯ ᠲᠠᠢ ᠤᠶᠠᠯᠳᠤᠭᠤᠯᠤᠨ ᠲᠤᠰᠬᠠᠶ ᠬᠠᠷᠠᠯᠲᠠᠲᠤ ᠰᠢᠯᠭᠠᠨ ᠬᠢᠨᠠᠬᠤ ᠠᠵᠢᠯ ᠪᠣᠯᠭᠠᠵᠤ᠂ ᠳᠡᠭᠡᠳᠦ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠢᠳᠡᠪᠬᠢᠲᠡᠶ ᠨᠡᠪᠲᠡᠷᠡᠯᠴᠡᠨ ᠵᠣᠯᠭᠠᠭᠤᠯᠵᠤ᠂ ᠬᠠᠮᠤᠭ ᠤᠨ ᠰᠢᠨ᠎ᠡ ᠱᠠᠭᠠᠷᠳᠠᠯᠭ᠎ᠠ ᠶᠢ ᠬᠥᠳᠡᠯᠦᠩᠭᠦᠶ ᠪᠠᠷ ᠡᠵᠡᠮᠰᠢᠨ᠂ ᠤᠷᠢᠳᠴᠢᠯᠠᠨ ᠲᠥᠯᠥᠪᠵᠢᠭᠦᠯᠬᠦ᠂ ᠵᠢᠷᠤᠭ ᠡᠯᠭᠦᠵᠦ ᠪᠠᠶᠢᠯᠳᠤᠬᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠬᠠᠮᠵᠢᠯᠴᠠᠨ ᠠᠬᠢᠭᠤᠯᠵᠤ᠂ ᠡᠯ᠎ᠡ ᠵᠦᠢᠯ ᠤᠨ ᠰᠢᠯᠭᠠᠨ ᠬᠢᠨᠠᠬᠤ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠬᠤ᠂ ᠲᠤᠭᠤᠰᠢᠯᠠᠭᠤᠯᠤᠨ ᠬᠡᠷᠡᠭᠵᠢᠭᠦᠯᠬᠦ᠂ ᠴᠢᠩᠭ᠎ᠠ ᠵᠢᠷᠤᠮᠯᠠᠬᠤ ᠶᠢ ᠨᠢᠭᠡ ᠵᠦᠢᠯ ᠤᠨ ᠪᠠᠶᠢᠩᠭᠤ ᠶᠢᠨ ᠴᠢᠨᠠᠷᠲᠠᠢ ᠠᠵᠢᠯ ᠪᠣᠯᠭᠠᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠪᠥᠬᠦ ᠣᠷᠣᠨ ᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠠᠶᠢᠵᠠᠮ ᠢᠶᠠᠨ ᠲᠦᠷᠭᠡᠳᠬᠡᠨ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠨ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠵᠦ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠢᠯᠪᠠᠷ ᠪᠤᠰᠤ ᠪᠠᠷ ᠢᠷᠡᠭᠰᠡᠨ ᠬᠥᠭᠵᠢᠯᠲᠡ ᠶᠢᠨ ᠬᠠᠨᠳᠤᠰᠢ ᠶᠢ ᠰᠠᠶᠢᠲᠤᠷ ᠪᠠᠲᠤᠯᠠᠵᠤ᠂ ᠢᠷᠡᠬᠦ ᠵᠢᠯ ᠤᠨ ᠲᠥᠯᠥᠪᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠰᠠᠶᠢᠨ ᠠᠮᠵᠢᠯᠲᠠ ᠤᠯᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠬᠤᠷᠠᠯ ᠠᠴᠠ ᠴᠢᠬᠤᠯᠠᠴᠢᠯᠠᠭᠰᠠᠨ ᠨᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠪᠣᠯ ᠠᠵᠢᠯ ᠢ ᠠᠬᠢᠭᠤᠯᠬᠤ ᠶᠢᠨ ᠬᠦᠴᠦᠲᠡᠶ ᠭᠠᠷᠳᠠᠴᠠ ᠮᠥᠨ᠂ ᠬᠤᠰᠢᠭᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠪᠠ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠵᠢᠯ ᠤᠨ ᠬᠢᠨᠠᠨ ᠰᠢᠯᠭᠠᠬᠤ ᠠᠰᠠᠭᠤᠳᠠᠯ ᠤᠨ ᠨᠠᠷᠢᠨ ᠲᠠᠩᠰᠠ ᠶᠢ ᠨᠢᠭᠡᠳ ᠨᠢᠭᠡ ᠪᠠᠷ ᠬᠠᠷᠢᠴᠠᠭᠤᠯᠤᠨ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠭᠦᠨᠵᠡᠭᠡᠶ ᠪᠠᠶᠢᠴᠠᠭᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠰᠠᠭᠤᠷᠢᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠢᠮᠠᠭᠲᠠ ᠴᠢᠩᠭ᠎ᠠ ᠠᠳᠬᠤᠨ ᠪᠣᠳᠠᠲᠠᠶ ᠠᠳᠬᠤᠵᠤ᠂ ᠲᠠᠰᠤᠷᠠᠯᠲᠠ ᠥᠬᠡᠶ ᠪᠣᠳᠠᠲᠤ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠥᠷᠢ ᠥᠭᠴᠡᠭᠡ ᠠᠷᠢᠯᠭᠠᠬᠤ ᠠᠵᠢᠯ ᠤᠨ ᠣᠳᠣᠬᠠᠨ ᠤ ᠪᠠᠶᠢᠳᠠᠯ ᠪᠣᠯᠤᠨ ᠲᠤᠯᠭᠠᠷᠠᠵᠤ ᠪᠠᠶᠢᠭ᠎ᠠ ᠳᠠᠷᠤᠯᠲᠠ ᠶᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠦᠨ᠂ ᠬᠦᠴᠢᠷ ᠢ ᠰᠦᠷᠦᠨ ᠤᠷᠤᠭᠰᠢᠯᠠᠵᠤ᠂ ᠬᠦᠴᠦᠯᠡᠨ ᠰᠢᠪᠲᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠦ ᠪᠡᠶᠡᠯᠡᠭᠦᠯᠬᠦ ᠬᠡᠷᠡᠭᠲᠡᠶ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠯᠤᠰ ᠲᠥᠷᠥ ᠶᠢ ᠡᠷᠬᠢᠮᠯᠡᠬᠦ ᠶᠢ ᠴᠠᠭᠳᠠᠨ ᠪᠠᠶᠢᠴᠠᠭᠠᠬᠤ ᠠᠵᠢᠯ ᠤᠨ ᠪᠦᠬᠦ ᠶᠠᠪᠤᠴᠠ ᠶᠢ ᠡᠯ᠎ᠡ ᠲᠠᠯ᠎ᠠ ᠳᠤ ᠲᠤᠤᠱᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ᠶᠣᠰᠣᠭᠠᠷ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠤᠯᠤᠰ ᠲᠥᠷᠥ ᠶᠢᠨ ᠬᠠᠷᠢᠭᠤᠴᠠᠯᠭ᠎ᠠ ᠪᠠᠷ ︽ᠭᠤᠷᠪᠠᠨ ᠲᠥᠪᠯᠡᠷᠡᠯ︾ ᠤᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠭᠤᠤᠯ ᠠᠵᠢᠯ ᠢ ᠴᠢᠩᠭ᠎ᠠ ᠠᠩᠬᠠᠷᠴᠤ᠂ ᠤᠬᠠᠮᠰᠠᠷ ᠠᠴᠠ ᠪᠠᠨ ᠳᠠᠭᠠᠵᠤ᠂ ᠦᠢᠯᠡᠴᠢᠯᠡᠵᠦ᠂ ᠪᠠᠲᠤᠯᠠᠵᠤ᠂ ᠪᠦᠬᠦᠨ ᠢ ᠬᠠᠮᠤᠷᠬᠤ᠂ ᠬᠤᠷᠢᠭᠠᠲᠤ ᠣᠷᠣᠨ ᠥᠬᠡᠶ᠂ ᠬᠤᠭᠤᠰᠣᠨ ᠵᠦᠢᠯ ᠦᠯᠡᠳᠡᠭᠡᠬᠦ ᠥᠬᠡᠶ ᠪᠠᠶᠢᠬᠤ ᠶᠢ ᠪᠡᠶᠡᠯᠡᠭᠦᠯᠵᠦ᠂ ᠴᠢᠨᠠᠷ ᠰᠠᠶᠢᠲᠠᠶ ᠲᠣᠭᠤᠷᠢᠨ ᠪᠠᠶᠢᠴᠠᠭᠠᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ᠃ ᠡᠯ᠎ᠡ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠨᠠᠮ ᠤᠨ ᠬᠤᠷᠢᠶ᠎ᠡ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠥ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号