ᠬᠣᠰᠢᠭᠤᠨ ᠤ ᠬᠠᠮ ᠵᠠᠭᠤᠴᠢᠯᠠᠭᠤᠷ ᠤᠨ ᠲᠥᠪ 24 ᠳ᠋ᠦᠭᠡᠷ ᠤᠳᠠᠭᠠᠨ ᠤ ᠳᠤᠮᠳᠠᠳᠤ ᠤᠯᠤᠰ ᠤᠨ ᠰᠣᠷᠪᠣᠯᠵᠢᠯᠠᠭᠴᠢᠳ ᠤᠨ ᠪᠠᠶᠠᠷ ᠤᠨ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/11/9
     11 ᠰᠠᠷ᠎ᠠ ᠶᠢᠨ 8 ᠤ ᠡᠳᠦᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ 24 ᠳ᠋ᠦᠭᠡᠷ ᠤᠳᠠᠭᠠᠨ ᠤ ᠳᠤᠮᠳᠠᠳᠤ ᠤᠯᠤᠰ ᠤᠨ ᠰᠣᠷᠪᠣᠯᠵᠢᠯᠠᠭᠴᠢᠳ ᠤᠨ ᠪᠠᠶᠠᠷ ᠤᠨ ᠶᠠᠷᠢᠯᠴᠠᠬᠤ ᠬᠤᠷᠠᠯ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠬᠠᠶ ᠮᠧᠶ ᠬᠤᠷᠠᠯ ᠳᠤ ᠣᠷᠣᠯᠴᠠᠵᠠᠶ᠃     ᠯᠢᠦ ᠬᠠᠶ ᠮᠧᠶ ᠶᠠᠷᠢᠯᠴᠠᠬᠤ ᠬᠤᠷᠠᠯ ᠳᠡᠭᠡᠷ᠎ᠡ ᠢᠯᠡᠷᠬᠡᠶᠢᠯᠡᠬᠦ ᠳᠡᠭᠡᠨ᠂ ᠪᠥᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠤᠯᠤᠰ ᠲᠥᠷᠥ ᠶᠢᠨ ᠵᠣᠭᠰᠣᠴᠠ ᠪᠠᠨ ᠬᠦᠴᠦᠯᠡᠨ ᠳᠡᠭᠡᠭᠰᠢᠯᠡᠭᠦᠯᠵᠦ᠂ ᠤᠯᠤᠰ ᠲᠥᠷᠥ ᠶᠢᠨ ᠵᠣᠭᠰᠣᠯᠲᠠ ᠪᠠᠨ ᠪᠠᠲᠤᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠳᠡᠨ᠂ ᠭᠤᠤᠯ ᠬᠥᠭ ᠠᠶᠠᠰ ᠢ ᠬᠠᠩᠭᠢᠨᠠᠭᠤᠯᠵᠤ᠂ ᠢᠳᠡᠪᠬᠢ ᠬᠦᠴᠦᠨ ᠢ ᠪᠠᠳᠠᠷᠠᠭᠤᠯᠬᠤ ᠬᠡᠷᠡᠭᠲᠡᠶ ᠭᠡᠵᠡᠶ᠃ ᠰᠣᠨᠢᠨ ᠮᠡᠳᠡᠭᠡᠨ ᠤ ᠠᠵᠢᠯᠲᠠᠳ ᠤᠨ ᠮᠥᠨ ᠴᠢᠨᠠᠷ ᠢ ᠢᠮᠠᠭᠲᠠ ᠪᠠᠲᠤ ᠰᠠᠬᠢᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠠᠵᠢᠯ ᠪᠠ ᠨᠡᠶᠢᠭᠡᠮ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠤᠨ ᠲᠣᠭᠤᠷᠢᠨ ᠳᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠠᠬᠢᠭᠤᠯᠵᠤ᠂ ᠰᠣᠨᠢᠨ ᠮᠡᠳᠡᠭᠡᠨ ᠤ ᠦᠢᠯᠡᠴᠢᠯᠡᠭᠡᠨ ᠤ ᠦᠢᠯᠡᠳᠦᠯᠭᠡ ᠶᠢᠨ ᠳᠤᠮᠳᠠ ᠶᠡᠭᠡ ᠲᠠᠯ᠎ᠠ ᠶᠢᠨ ᠤᠬᠠᠮᠰᠠᠷ᠂ ᠠᠭᠤᠰᠤᠯᠴᠠᠬᠤ ᠤᠬᠠᠮᠰᠠᠷ ᠪᠠ ᠪᠦᠯᠬᠦᠮᠳᠡᠬᠦ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢᠨ ᠤᠯᠠᠮᠵᠢᠯᠠᠭᠴᠢ᠂ ᠴᠠᠭ ᠦᠶ᠎ᠡ ᠶᠢᠨ ᠪᠠᠶᠢᠳᠠᠯ ᠢ ᠲᠡᠮᠳᠡᠭᠯᠡᠭᠴᠢ᠂ ᠨᠡᠶᠢᠭᠡᠮ ᠤᠨ ᠳᠠᠪᠰᠢᠯᠲᠠ ᠶᠢᠨ ᠠᠬᠢᠭᠤᠯᠤᠭᠴᠢ᠂ ᠲᠥᠪ ᠭᠤᠤᠯᠴᠢ ᠰᠢᠳᠤᠷᠭᠤ ᠶᠣᠰᠣᠨ ᠤ ᠬᠠᠮᠠᠭᠠᠯᠠᠭᠴᠢ ᠪᠣᠯᠬᠤ ᠬᠡᠷᠡᠭᠲᠡᠶ᠃ ᠪᠥᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠢᠮᠠᠭᠲᠠ ᠰᠤᠷᠤᠯᠴᠠᠬᠤ ᠤᠬᠠᠮᠰᠠᠷ ᠢ ᠪᠣᠶ ᠪᠣᠯᠭᠠᠵᠤ᠂ ᠲᠤᠰᠬᠠᠶ ᠮᠡᠷᠭᠡᠵᠢᠯ ᠤᠨ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠣᠬᠢᠴᠠᠵᠤ᠂ ᠬᠠᠮᠲᠤ ᠶᠢᠨ ᠰᠡᠳᠬᠢᠬᠦᠶ᠂ ᠰᠣᠨᠢᠭᠤᠴᠢ ᠤᠬᠠᠮᠰᠠᠷ ᠢᠶᠠᠨ ᠪᠠᠷᠢᠮᠲᠠᠯᠠᠨ᠂ ᠬᠢᠯᠠᠰ ᠴᠡᠭ ᠢ ᠠᠭᠤᠳᠠᠯᠵᠤ᠂ ᠰᠣᠨᠢᠨ ᠮᠡᠳᠡᠭᠡᠨ ᠤ ᠴᠡᠭ ᠢ ᠤᠯᠬᠤ ᠳᠠᠭᠠᠨ ᠴᠢᠳᠠᠮᠠᠭᠠᠶ ᠪᠠᠶᠢᠵᠤ᠂ ᠨᠠᠩ ᠣᠯᠠᠨ ᠨᠠᠩ ᠰᠠᠶᠢᠨ ᠰᠣᠨᠢᠨ ᠮᠡᠳᠡᠭᠡᠨ ᠤ ᠪᠦᠲᠦᠭᠡᠯ ᠢ ᠲᠠᠰᠤᠷᠠᠯᠲᠠ ᠥᠬᠡᠶ ᠵᠣᠬᠢᠶᠠᠨ ᠪᠦᠲᠦᠭᠡᠬᠦ ᠶᠢ ᠬᠦᠰᠡᠵᠦ ᠪᠠᠶᠢᠨ᠎ᠠ᠃ ᠬᠠᠷᠠᠴᠢᠨ ᠬᠤᠰᠢᠭᠤᠨ ᠤ ᠨᠡᠷ᠎ᠡ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠤᠬᠠᠭᠤᠯᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠠᠵᠢᠯ ᠤᠨ ᠭᠤᠤᠯ ᠰᠢᠪᠲᠤᠯᠤᠯᠲᠠ ᠶᠢᠨ ᠴᠢᠭᠯᠡᠯ ᠢ ᠣᠨᠣᠪᠴᠢᠲᠠᠶ ᠰᠣᠩᠭᠤᠨ᠂ ᠤᠯᠠᠮᠵᠢᠯᠠᠨ ᠲᠠᠷᠬᠠᠭᠠᠬᠤ ᠨᠠᠷᠠᠲᠤ ᠲᠡᠮᠳᠡᠭ ᠪᠠ ᠤᠯᠠᠮᠵᠢᠯᠠᠨ ᠲᠠᠷᠬᠠᠭᠠᠬᠤ ᠬᠠᠯᠠᠮᠰᠢᠯ ᠢ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃     ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠰᠣᠨᠢᠨ ᠮᠡᠳᠡᠭᠡᠨ ᠤ ᠰᠤᠷᠪᠤᠯᠵᠢᠯᠠᠭ᠎ᠠ ᠨᠠᠶᠢᠷᠠᠭᠤᠯᠭ᠎ᠠ ᠶᠢᠨ ᠠᠵᠢᠯᠲᠠᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠦᠷᠦᠭᠳᠡᠯ ᠢᠶᠠᠨ ᠶᠠᠷᠢᠵᠤ᠂ ᠥᠩᠭᠡᠷᠡᠯᠲᠡ ᠪᠠᠨ ᠶᠠᠷᠢᠵᠤ᠂ ᠰᠠᠨᠠᠭᠤᠯᠭ᠎ᠠ ᠳᠤᠷᠠᠳᠴᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠤᠯᠠᠨ ᠢᠶᠠᠷ ᠢᠶᠠᠨ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠣᠨᠢᠨ ᠮᠡᠳᠡᠭᠡᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号