ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ 2024 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠬᠢᠨᠠᠨ ᠵᠥᠪᠯᠡᠪᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2023/12/12
ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 8 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 8 ᠤ ᠡᠳᠦᠷ ᠬᠤᠷᠠᠯ ᠬᠤᠷᠠᠯᠳᠤᠭᠤᠯᠵᠤ᠂ 2024 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠬᠢᠨᠠᠨ ᠵᠥᠪᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ᠃    ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠭᠰᠠᠨ ᠡᠭᠢᠯᠡᠯᠲᠡ ᠶᠢᠨ ᠵᠢᠯ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠠᠬᠢᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠬᠢᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ᠃    ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠥ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ᠂ ᠪᠦᠷᠢᠨ ᠪᠦᠲᠦᠨ᠂ ᠵᠥᠪ ᠤᠨᠤᠪᠴᠢᠳᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠦᠨᠡᠨ ᠬᠦ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ ᠠᠯᠤᠰᠯᠠᠭᠰᠠᠨ ᠲᠣᠬᠢᠷᠠᠭᠤᠯᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠪᠠᠷ ᠡᠷᠴᠢᠮ ᠢᠶᠠᠨ ᠴᠢᠩᠭᠠᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ᠂ ᠣᠨᠣᠪᠴᠢᠲᠠᠢ ᠪᠥᠭᠡᠳ ᠪᠦᠲᠦᠮᠵᠢᠲᠡᠢ ᠪᠠᠶᠢᠯᠭᠠᠬᠤ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠵᠤ᠂ ᠠᠵᠤ ᠠᠬᠤᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠨᠠᠮᠳᠠᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠦᠭᠦ ᠬᠦᠴᠦᠨ ᠢᠶᠠᠷ ᠢᠶᠠᠨ ᠴᠢᠷᠮᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠣᠰ ᠪᠠᠶᠠᠷ︾ ᠤᠨ ᠬᠤᠭᠤᠴᠠᠭᠠᠨ ᠳᠠᠬᠢ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠥᠯᠥᠰᠦᠨ ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠪᠣᠯᠣᠨ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠦᠷᠭᠦᠯᠵᠢᠯᠡᠨ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠶᠢ ᠴᠢᠩᠭ᠎ᠠ ᠬᠠᠮᠢᠶᠠᠷᠤᠨ ᠴᠢᠩᠭ᠎ᠠ ᠵᠠᠰᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ ᠃ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠪᠦᠯᠬᠦᠮᠳᠡᠯ ᠨᠢᠭᠡᠳᠦᠯ ᠢ ᠡᠷᠡᠰ ᠪᠠᠲᠤ ᠪᠦᠲᠦᠮᠵᠢᠲᠡᠢ ᠬᠠᠮᠠᠭᠠᠯᠠᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠵᠤ᠂ ᠨᠡᠯᠢᠶᠡᠳ ᠲᠣᠪᠤᠶᠢᠮ᠎ᠠ ᠠᠵᠢᠯ ᠲᠦᠷᠦᠯ ᠤᠨ ᠴᠢᠨᠠᠷᠲᠠᠢ᠂ ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠤᠯᠠᠨ ᠲᠦᠮᠡᠨ ᠤ ᠳᠡᠷᠭᠡᠳᠡᠬᠢ ︽ᠪᠠᠭ᠎ᠠ ᠱᠠᠮᠰᠢᠯ ᠪᠢᠴᠢᠯ ᠢᠯᠵᠠᠷᠠᠯ︾ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠨ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠡᠷᠡᠰ ᠠᠷᠢᠯᠭᠠᠬᠤ ᠬᠡᠷᠡᠭᠲᠡᠢ᠃ ︽ᠲᠦᠷᠪᠡᠨ ᠰᠤᠷᠲᠠᠯ︾ ᠤᠨ ᠠᠷᠬᠠᠭ ᠢ ᠴᠢᠩᠭ᠎ᠠ ᠵᠠᠰᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ ᠬᠠᠷᠢᠭᠤᠴᠠᠯᠭᠠᠲᠤ ᠬᠢᠨᠠᠯᠲᠠ ᠪᠣᠯᠣᠨ ᠪᠤᠰᠤᠳ ᠬᠢᠨᠠᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠵᠠᠪᠰᠠᠷ ᠦᠭᠡᠢ ᠬᠢᠨᠠᠯᠲᠠ ᠲᠠᠯᠪᠢᠬᠤ᠂ ᠬᠦᠴᠦ ᠪᠠᠨ ᠬᠠᠮᠲᠤᠳᠬᠠᠨ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠳᠠᠪᠲᠠᠨ ᠪᠤᠯᠪᠠᠰᠤᠷᠠᠭᠤᠯᠵᠤ᠂ ᠥᠪᠡᠷ ᠪᠡᠶ᠎ᠡ ᠶᠢᠨ ᠬᠤᠪᠢᠰᠬᠠᠯ ᠬᠢᠬᠦ ᠦᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ 2023 ᠣᠨ ᠤ ᠠᠵᠢᠯ ᠤᠨ ᠪᠠᠶᠢᠳᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠡᠯᠡᠳᠬᠡᠯ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ᠃    ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠳᠤ ᠤᠷᠢᠳ ᠬᠤᠵᠢᠳ 3 ᠤᠳᠠᠭ᠎ᠠ ᠵᠠᠰᠠᠪᠤᠷᠢ ᠣᠷᠣᠭᠤᠯᠤᠭᠰᠠᠨ ᠨᠢ ᠳᠠᠷᠤᠢ ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠪᠦᠭᠦ ᠬᠡᠯᠬᠢᠶ᠎ᠡ ᠪᠦᠭᠦ ᠦᠶᠡᠯᠡᠯ ᠪᠦᠭᠦᠨ ᠢ ᠬᠠᠮᠤᠷᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠨᠠᠭᠰᠢᠳᠠ ᠴᠢᠩᠳᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠭᠦ ᠲᠠᠯ᠎ᠠ ᠪᠠᠷ ᠴᠢᠩᠳᠠᠯᠠᠬᠤ ᠶᠢ ᠳᠠᠶᠢᠴᠢᠯᠠᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ︽ᠳᠦᠷᠢᠮ︾ ᠤᠨ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠡᠷᠡᠭᠵᠢᠭᠦᠯᠬᠦ ᠶᠢ ᠨᠡᠪᠲᠡᠷᠡᠭᠦᠯᠬᠦ ᠶᠢ ᠠᠬᠢᠭᠤᠯᠵᠤ᠂ ᠰᠠᠬᠢᠯᠭ᠎ᠠ ᠪᠠᠲᠤ ᠶᠢᠨ ᠬᠠᠲᠠᠭᠤ ᠴᠢᠩᠭ᠎ᠠ ᠴᠢᠨᠠᠷ᠂ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ᠃ ︽ᠲᠦᠷᠪᠡᠨ ᠵᠦᠢᠯ ᠤᠨ ᠭᠡᠯᠪᠡᠷᠢ ᠪᠠᠶᠢᠳᠠᠯ︾ ᠢ ᠣᠨᠣᠪᠴᠢᠲᠠᠢ ᠬᠡᠷᠡᠭᠯᠡᠵᠦ᠂ ︽ᠭᠤᠷᠪᠠ ᠶᠢ ᠢᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠪᠦᠭᠦ ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号