ᠬᠣᠰᠢᠭᠤᠨ ᠳᠠᠷᠤᠭ᠎ᠠ ᠵᠣᠣ ᠶᠠᠨ ᠬᠣᠩ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠦᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/15
     12 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠭᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠥᠯᠥᠪᠯᠡᠭᠡ ᠶᠢ ᠬᠡᠷᠡᠭᠵᠢᠭᠦᠯᠦᠭᠰᠡᠨ ᠠᠭᠤᠯᠭ᠎ᠠ ᠶᠢ ᠵᠠᠷᠯᠠᠨ ᠮᠡᠳᠡᠭᠳᠡᠵᠦ᠂ ᠡᠯ᠎ᠡ ᠲᠥᠷᠥᠯ ᠵᠦᠢᠯ ᠤᠨ ᠨᠢᠭᠡᠴᠡ ᠲᠣᠰ ᠲᠣᠰ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠲᠥᠯᠥᠪᠵᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃     ᠵᠤᠤ ᠶᠠᠨ ᠬᠤᠩ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠠᠶᠢᠲᠤᠷ ᠡᠷᠬᠢᠯᠡᠬᠦ ᠪᠣᠯ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠬᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ︽ᠠᠷᠠᠳ ᠤᠨ ᠠᠮᠢᠳᠤᠷᠠᠯ ᠳᠤ ᠪᠣᠳᠠᠲᠤ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠳᠤ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠠᠢ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠵᠠᠢ᠃     ᠵᠤᠤ ᠶᠠᠨ ᠬᠤᠩ ᠴᠢᠩᠭᠠᠳᠬᠠᠭᠰᠠᠨ ᠨᠢ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ᠂ ᠠᠷᠠᠳ ᠤᠨ ᠠᠮᠢᠳᠤᠷᠠᠯ ᠤᠨ ᠬᠡᠷᠡᠭᠴᠡᠭᠡ ᠪᠠᠷ ᠭᠤᠣᠯᠳᠠᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠤᠯᠠᠨ ᠲᠦᠮᠡᠨ ᠤ ᠬᠠᠮᠤᠭ ᠠᠴᠠ ᠬᠡᠷᠡᠭᠴᠡᠭᠡ ᠲᠠᠢ᠂ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠠᠴᠠ ᠭᠠᠷᠳᠠᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠲᠤᠯᠭᠠᠷᠠᠵᠤ ᠪᠠᠢᠭ᠎ᠠ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠶᠠᠰᠤ ᠴᠢᠨᠠᠷ ᠤᠨ ᠤᠬᠠᠮᠰᠠᠷ᠂ ᠰᠣᠳᠣᠨ ᠪᠦᠲᠦᠭᠡᠯ ᠤᠨ ᠤᠬᠠᠮᠰᠠᠷ ᠢ ᠬᠦᠴᠦᠯᠡᠨ ᠴᠢᠩᠭᠠᠳᠬᠠᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠨᠠᠷᠢᠯᠢᠭ ᠰᠠᠶᠢᠲᠤᠷ ᠬᠡᠷᠡᠭᠵᠢᠭᠦᠯᠵᠦ᠂ ᠴᠠᠭ ᠬᠤᠭᠤᠴᠠᠭ᠎ᠠ ᠪᠠ ᠤᠯᠠᠨ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠠᠷᠠᠳ ᠤᠨ ᠰᠡᠳᠬᠢᠯ ᠤᠨ ᠢᠨᠵᠧᠨᠧᠷᠢᠩ᠂ ᠰᠣᠳᠣᠨ ᠪᠦᠲᠦᠭᠡᠯ ᠤᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠢᠯ ᠤᠨ ᠪᠣᠭᠤᠳᠠᠯ ᠪᠠᠭᠯᠠᠭ᠎ᠠ ᠶᠢᠨ ᠲᠥᠰᠦᠪᠯᠡᠯ ᠢ ᠨᠠᠷᠢᠯᠢᠭ ᠤᠨᠤᠪᠴᠢᠲᠠᠢ ᠪᠠᠷ ᠰᠠᠶᠢᠲᠤᠷ ᠬᠢᠵᠦ᠂ ᠳᠡᠭᠡᠭᠰᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠨᠠᠩ ᠣᠯᠠᠨ ᠪᠠᠯᠠ ᠮᠥᠩᠭᠦ ᠶᠢᠨ ᠳᠡᠮᠵᠢᠯᠭᠡ ᠶᠢ ᠣᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号