ᠬᠤᠰᠢᠭᠤᠨ ᠳᠠᠷᠤᠭ᠎ᠠ ᠵᠣᠣ ᠶᠠᠨ ᠬᠤᠩ ᠮᠧᠶ ᠯᠢᠨ ᠬᠥ᠋ ᠴᠠᠰᠤᠨ ᠳᠤ ᠭᠤᠯᠭᠤᠬᠤ ᠲᠠᠯᠠᠪᠠᠶ ᠳᠤ ᠬᠦᠷᠴᠦ ᠠᠵᠢᠯ ᠢ ᠵᠢᠯᠤᠭᠤᠳᠪᠠ
ᠨᠡᠶᠢᠲᠡᠯᠡᠭᠰᠡᠨ ᠴᠠᠭ᠄
2023/12/19
ᠬᠤᠰᠢᠭᠤᠨ ᠳᠠᠷᠤᠭ᠎ᠠ ᠵᠣᠣ ᠶᠠᠨ ᠬᠤᠩ ᠮᠧᠶ ᠯᠢᠨ ᠬᠥ᠋ ᠴᠠᠰᠤᠨ ᠳᠤ ᠭᠤᠯᠭᠤᠬᠤ ᠲᠠᠯᠠᠪᠠᠶ ᠳᠤ ᠬᠦᠷᠴᠦ ᠠᠵᠢᠯ ᠢ ᠵᠢᠯᠤᠭᠤᠳᠪᠠ  12 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠮᠧᠶ ᠯᠢᠨ ᠬᠥ᠋ ᠶᠢᠨ ᠴᠠᠰᠤᠨ ᠳᠤ ᠭᠤᠯᠭᠤᠬᠤ ᠲᠠᠯᠠᠪᠠᠶ ᠳᠤ ᠬᠦᠷᠴᠦ᠂ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠠᠷᠠᠴᠢᠨ ᠬᠤᠰᠢᠭᠤᠨ ᠤ ᠤᠷᠤᠯᠳᠤᠭᠠᠨ ᠤ ᠲᠣᠭᠤᠷᠢᠭ ᠤᠨ ᠤᠷᠤᠯᠳᠤᠭᠠᠨ ᠤ ᠪᠡᠯᠡᠳᠬᠡᠯ ᠠᠵᠢᠯ ᠢ ᠲᠤᠬᠠᠶ ᠶᠢᠨ ᠲᠠᠯᠠᠪᠤᠷ ᠲᠤ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᡁᠢ ᠯᠢᠶᠠᠩ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃  ᠮᠧᠢ ᠯᠢᠨ ᠭᠦ᠋ ᠴᠠᠰᠤᠨ ᠳᠤ ᠭᠤᠯᠭᠤᠬᠤ ᠲᠠᠯᠠᠪᠠᠢ ᠳᠤ᠂ ᠵᠤᠤ ᠶᠠᠨ ᠬᠤᠩ ᠲᠠᠯᠠᠪᠠᠢ ᠶᠢᠨ ᠴᠢᠳᠠᠪᠬᠢ ᠶᠢᠨ ᠪᠠᠶᠢᠷᠢᠰᠢᠭᠤᠯᠤᠯᠲᠠ᠂ ᠠᠮᠤᠷ ᠲᠦᠪᠰᠢᠨ ᠤ ᠪᠠᠲᠤᠯᠠᠭ᠎ᠠ᠂ ᠴᠠᠭ ᠠᠭᠤᠷ ᠤᠨ ᠬᠢᠨᠠᠨ ᠬᠡᠮᠵᠢᠯᠲᠡ᠂ ᠣᠷᠴᠢᠨ ᠲᠣᠭᠤᠷᠢᠨ ᠤ ᠡᠮᠬᠢ ᠳᠢᠭᠯᠢᠮ᠂ ᠠᠭᠤᠷ ᠠᠮᠢᠰᠬᠤᠯ ᠢ ᠪᠤᠢ ᠪᠣᠯᠭᠠᠬᠤ ᠵᠢᠴᠢ ᠤᠰᠤ ᠴᠠᠬᠢᠯᠭᠠᠨ ᠳᠤᠯᠠᠭᠠᠯᠠᠭ᠎ᠠ᠂ ᠰᠦᠯᠵᠢᠶᠡᠨ ᠤ ᠴᠢᠮᠡᠭᠡ ᠬᠤᠯᠪᠣᠭ᠎ᠠ ᠵᠡᠷᠭᠡ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃  ᠵᠣᠣ ᠶᠠᠨ ᠬᠤᠩ ᠵᠢᠭᠠᠵᠤ ᠭᠠᠷᠭᠠᠭᠰᠠᠨ ᠨᠢ᠂ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ ︾ ᠪᠣᠯ ᠪᠡᠭᠡᠵᠢᠩ ᠤᠨ ᠡᠪᠦᠯ ᠤᠨ ᠣᠯᠧᠮᠫᠢᠺ ᠤᠨ ᠴᠤᠭᠯᠠᠭᠠᠨ ᠤ ᠳᠠᠷᠠᠭ᠎ᠠ ᠠᠩᠬ᠎ᠠ ᠤᠳᠠᠭ᠎ᠠ ᠡᠷᠭᠢᠯᠡᠭᠰᠡᠨ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠂ ᠪᠥᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠳᠡᠭᠡᠭᠰᠢᠯᠡᠭᠦᠯᠵᠦ᠂ ︽ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠦᠨ ᠤᠯᠠᠷᠢᠯ ᠤᠨ ᠲᠠᠮᠢᠷ ᠤᠨ ᠴᠤᠭᠯᠠᠭᠠᠨ︾ ᠢ ᠰᠠᠶᠢᠲᠤᠷ ᠡᠷᠭᠢᠯᠡᠬᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠪᠥᠬᠦ ᠬᠤᠰᠢᠭᠤ ᠪᠠᠷ ᠢᠶᠠᠨ ᠤᠷᠤᠯᠳᠤᠭᠠᠨ ᠤ ᠪᠡᠯᠡᠳᠬᠡᠯ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠠᠢ᠃  ᠵᠣᠣ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠠᠵᠢᠯ ᠤᠨ ᠲᠤᠰᠬᠠᠶ ᠠᠩᠭᠢ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠤᠨ ᠪᠠᠶᠢᠳᠠᠯ ᠢᠶᠠᠨ ᠳᠡᠭᠡᠭᠰᠢᠯᠡᠭᠦᠯᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠶ ᠡᠮᠬᠢᠯᠡᠨ ᠳᠢᠭᠯᠡᠵᠦ᠂ ᠬᠠᠷᠠᠯᠲᠠ ᠡᠭᠦᠷᠭᠡ᠂ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠠᠳᠬᠤᠬᠤ ᠬᠥᠮᠦᠨ ᠲᠠᠢ᠂ ᠬᠠᠮᠢᠶᠠᠷᠬᠤ ᠬᠥᠮᠦᠨ ᠲᠠᠢ᠂ ᠨᠠᠶᠢᠳᠠᠪᠤᠷᠢᠵᠢᠭᠤᠯᠬᠤ ᠬᠥᠮᠦᠨ ᠲᠠᠢ᠂ ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃ ᠤᠷᠤᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠳᠥᠭᠦᠮ ᠳᠥᠲᠡ ᠨᠠᠷᠢᠯᠢᠭ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠬᠤᠭᠤᠯᠠ ᠤᠮᠳᠠ᠂ ᠬᠤᠨᠤᠭ ᠪᠠᠭᠤᠳᠠᠯ᠂ ᠡᠮᠬᠢ ᠳᠢᠭᠯᠢᠮ ᠤᠨ ᠬᠠᠮᠠᠭᠠᠯᠠᠯᠲᠠ᠂ ᠤᠷᠤᠯᠳᠤᠭᠠᠨ ᠤ ᠲᠠᠯᠠᠪᠤᠷ ᠤᠨ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠲᠠᠯ᠎ᠠ ᠪᠠᠷ ᠪᠠᠲᠤᠯᠠᠭ᠎ᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠳᠤᠯᠠᠭᠠᠨ ᠲᠠᠭᠠᠯᠠᠮᠵᠢᠲᠠᠢ᠂ ᠪᠦᠷᠢᠨ ᠭᠦᠢᠴᠡᠳ ᠬᠠᠯᠠᠭᠤᠮᠰᠤᠭ ᠦᠢᠯᠡᠴᠢᠯᠡᠭᠡ ᠬᠠᠩᠭᠠᠵᠤ᠂ ᠲᠠᠮᠢᠷᠴᠢᠨ᠂ ᠬᠢᠨᠠᠭᠴᠢ᠂ ᠪᠡᠶ᠎ᠡ ᠶᠢᠨ ᠲᠠᠮᠢᠷ ᠤᠨ ᠲᠤᠰᠢᠶᠠᠯᠲᠠᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠠᠨᠤᠮᠵᠢᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠯᠠᠪᠤᠷ ᠭᠠᠵᠠᠷ ᠤᠨ ᠪᠡᠯᠡᠳᠬᠡᠮᠵᠢ ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠪᠠ ᠡᠮ ᠤᠨ ᠵᠦᠢᠯ᠂ ᠴᠠᠬᠢᠯᠭᠠᠨ ᠬᠦᠴᠦᠨ ᠤ ᠴᠢᠮᠡᠭᠡ ᠬᠤᠯᠪᠣᠭ᠎ᠠ᠂ ᠡᠮᠴᠢᠯᠡᠭᠡᠨ ᠤ ᠦᠢᠯᠡᠴᠢᠯᠡᠭᠡ ᠂ ᠠᠪᠤᠷᠠᠨ ᠲᠤᠰᠠᠯᠠᠬᠤ ᠰᠣᠷᠢᠯᠲᠠ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号