ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠵᠢᠴᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠤ ᠦᠢᠯᠡᠳᠪᠦᠷᠢ︶ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠠᠵᠢᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/21
   ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠵᠢᠴᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠤ ᠦᠢᠯᠡᠳᠪᠦᠷᠢ ︶ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠠᠵᠢᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ  12 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠵᠥᠪᠯᠡᠯᠭᠡᠨ ᠤ ᠴᠡᠷᠢᠭ ᠵᠢᠴᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠤ ᠦᠢᠯᠡᠳᠪᠦᠷᠢ ︶ ᠬᠤᠷᠢᠶᠠᠨ ᠤ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠮᠡᠳᠡᠭᠦᠯᠦᠯᠲᠡ ᠬᠢᠬᠦ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠧᠩ ᠬᠤᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠸᠠᠩ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦᠶ ᠬᠠᠶ ᠳ᠋ᠦᠩ᠂ ᠳᠡᠳ᠋ ᠬᠤᠰᠢᠭᠤᠨ ᠳᠠᠷᠤᠭ᠎ᠠ ᠰᠢᠶ᠋ᠸ ᠶᠦᠨ ᠰᠥᠩ᠂ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ︵ᠠᠵᠤ ᠦᠢᠯᠡᠳᠪᠦᠷᠢ︶ ᠤᠨ ᠬᠤᠷᠢᠶ᠎ᠠ ᠶᠢᠨ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠵᠡᠪᠰᠡᠭᠲᠦ ᠬᠦᠴᠦᠨ ᠤ ᠠᠵᠢᠯᠯᠠᠭᠴᠢ᠂ ᠬᠤᠰᠢᠭᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠬᠤᠰᠢᠭᠤᠨ ᠤ ᠴᠡᠷᠢᠭ ᠠᠩᠭᠢ ᠶᠢᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠵᠢᠯ ᠦᠨ ᠲᠤᠷᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠪᠰᠡᠭᠲᠦ ᠬᠦᠴᠦᠨ ᠤ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ ᠬᠤᠰᠢᠭᠤᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠬᠠᠷᠢᠯᠴᠠᠨ ᠠᠬᠢᠭᠤᠯᠵᠤ᠂ ᠵᠣᠬᠢᠴᠠᠩᠭᠤᠶ ᠪᠠᠷ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢᠯᠡᠷᠡᠵᠡᠶ᠃ ᠠᠷᠠᠳ ᠤᠨ ᠵᠡᠪᠰᠡᠭᠲᠦ ᠬᠦᠴᠦᠨ ᠤ ᠰᠢᠰᠲ᠋ᠧᠮ ᠪᠠ ᠬᠤᠰᠢᠭᠤᠨ ᠳᠤ ᠰᠠᠭᠤᠭ᠎ᠠ ᠴᠡᠷᠢᠭ ᠠᠩᠭᠢ ᠴᠡᠷᠢᠭ ᠢᠶᠠᠨ ᠬᠦᠴᠦᠷᠬᠡᠭᠵᠢᠭᠦᠯᠬᠦ ᠬᠠᠷᠠᠯᠲᠠ ᠪᠠᠨ ᠪᠠᠲᠤ ᠴᠡᠭᠡᠵᠢᠯᠡᠵᠦ᠂ ᠴᠡᠷᠢᠭ ᠢᠶᠠᠨ ᠬᠦᠴᠦᠷᠬᠡᠭᠵᠢᠭᠦᠯᠬᠦ ᠢᠲᠡᠭᠡᠯ ᠵᠣᠷᠢᠭ ᠢᠶᠠᠨ ᠪᠠᠲᠤᠳᠬᠠᠵᠤ᠂ ᠲᠠᠶᠢᠨ ᠤ ᠪᠡᠯᠡᠳᠬᠡᠯ ᠤᠨ ᠪᠣᠯᠪᠠᠰᠤᠷᠠᠯ᠂ ᠴᠡᠷᠢᠭ ᠡᠯᠰᠡᠬᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ ᠶᠢᠨ ᠪᠠᠶᠢᠭᠤᠯᠤᠮᠵᠢ ᠶᠢ ᠳᠣᠭᠢᠷᠠᠭᠤᠯᠤᠨ ᠥᠭᠡᠷᠡᠴᠢᠯᠡᠬᠦ ᠵᠡᠷᠭᠡ ᠴᠢᠬᠤᠯᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠤᠷ ᠲᠦᠪᠰᠢᠨ ᠲᠣᠭᠲᠠᠭᠤᠨ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃  ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠵᠡᠪᠰᠡᠭᠲᠦ ᠬᠦᠴᠦᠨ ᠤ ᠹᠷᠣᠨᠲ ᠤᠨ ᠬᠢᠨ ᠤᠯᠤᠰ ᠲᠥᠷᠥ ᠪᠠᠷ ᠴᠡᠷᠢᠭ ᠪᠠᠶᠢᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠶ ᠤᠳᠤᠷᠢᠳᠤᠯᠭ᠎ᠠ ᠶᠢ ᠥᠴᠦᠬᠡᠨ ᠴᠦ ᠭᠤᠶᠢᠪᠢᠰᠢ ᠥᠬᠡᠶ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠬᠠᠷᠢᠴᠠᠯᠠᠰᠢᠭᠦᠶ ᠦᠨᠡᠨᠴᠢ ᠰᠢᠳᠤᠷᠭᠤ᠂ ᠬᠠᠷᠢᠴᠠᠯᠠᠰᠢᠭᠦᠶ ᠨᠠᠶᠢᠳᠠᠪᠤᠷᠢᠲᠠᠶ ᠤᠯᠤᠰ ᠲᠥᠷᠥ ᠶᠢᠨ ᠮᠥᠨ ᠴᠢᠨᠠᠷ ᠢᠶᠠᠨ ᠡᠭᠦᠷᠢᠳᠡ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠬᠢᠨ ᠪᠠᠶᠢᠯᠳᠤᠬᠤ ᠪᠤᠳᠤᠯᠭ᠎ᠠ ᠶᠢᠨ ᠳᠡᠭᠡᠳᠦ ᠬᠡᠮᠵᠢᠶᠡᠨ ᠠᠴᠠ ᠡᠳᠦᠷ ᠲᠤᠳᠤᠮ ᠤᠨ ᠲᠠᠶᠢᠨ ᠤ ᠪᠡᠯᠡᠳᠬᠡᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠠᠳᠬᠤᠬᠤ ᠶᠢ ᠪᠠᠷᠢᠮᠲᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠨᠢᠭᠡᠨ ᠰᠠᠯᠠᠭ᠎ᠠ ︽ᠳᠡᠷᠭᠡᠳᠡ ᠨᠢ ᠪᠠᠶᠢᠭᠤᠯᠤᠭᠰᠠᠨ᠂ ᠭᠠᠷ ᠲᠤ ᠨᠢ ᠪᠠᠷᠢᠭᠰᠠᠨ᠂ ᠵᠠᠩᠭᠢᠯᠠᠭ᠎ᠠ ᠳᠤ ᠬᠡᠷᠡᠭᠯᠡᠭᠰᠡᠨ︾ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠢ ᠬᠦᠴᠦᠯᠡᠨ ᠪᠤᠢ ᠪᠣᠯᠭᠠᠬᠤ ᠬᠡᠷᠡᠭᠲᠡᠶ᠃ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠢ ᠡᠷᠬᠢᠮᠯᠡᠵᠦ ᠴᠡᠷᠢᠭ ᠤᠨ ᠡᠷᠳᠡᠮ ᠢ ᠡᠷᠬᠢᠮᠯᠡᠬᠦ᠂ ᠴᠡᠷᠢᠭ ᠠᠩᠬᠢ ᠪᠠ ᠣᠷᠣᠨ ᠨᠤᠲᠤᠭ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠢ︔ ᠪᠥᠬᠦ ᠬᠤᠰᠢᠭᠤᠨ ᠤ ᠵᠡᠪᠰᠡᠭᠲᠦ ᠬᠦᠴᠦᠨ ᠤ ᠹᠷᠣᠨᠲ ᠤᠨ ᠬᠢᠨ ᠬᠤᠰᠢᠭᠤᠨ ᠤ ᠨᠠᠮ ᠤᠨ ᠬᠤᠷᠢᠶᠠᠨ ᠤ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠳᠤ ᠠᠭᠤᠰᠤᠯᠴᠠᠬᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠵᠠᠭᠪᠤᠷ ᠢ ᠰᠦᠪᠡᠭᠴᠢᠯᠡᠵᠦ᠂ ᠰᠢᠨ᠎ᠡ ᠨᠠᠷᠠᠲᠤ ᠲᠡᠮᠳᠡᠭ ᠢ ᠡᠭᠦᠳᠬᠦ ᠬᠡᠷᠡᠭᠲᠡᠶ︔ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠡᠪᠰᠡᠭᠲᠦ ᠬᠦᠴᠦᠨ ᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ᠂ ᠲᠤᠬᠠᠢ ᠶᠢᠨ ᠲᠠᠯᠠᠪᠤᠷ ᠲᠤ ᠠᠵᠢᠯᠯᠠᠬᠤ᠂ ︽ᠴᠡᠷᠢᠭ ᠤᠨ ᠶᠠᠪᠤᠳᠠᠯ ᠤᠨ ᠡᠳᠦᠷ︾ ᠵᠡᠷᠭᠡ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠤᠯᠤᠰ ᠲᠦᠷᠦ ᠶᠢᠨ ᠴᠢᠭᠯᠡᠯ ᠢ ᠬᠠᠮᠢᠶᠠᠷᠬᠤ᠂ ᠦᠵᠡᠯ ᠰᠠᠨᠠᠭᠠᠨ ᠤ ᠬᠥᠮᠦᠵᠢᠯ ᠢ ᠬᠠᠮᠢᠶᠠᠷᠬᠤ᠂ ᠵᠣᠬᠢᠶᠠᠨ ᠪᠠᠶᠢᠭᠤᠯᠤᠯᠲᠠ ᠶᠢᠨ ᠡᠩᠨᠡᠭᠡ ᠶᠢ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠬᠤ ᠲᠠᠶᠢᠨ ᠳᠤ ᠪᠡᠯᠡᠳᠬᠡᠬᠦ ᠶᠢ ᠬᠠᠮᠢᠶᠠᠷᠬᠤ᠂ ᠪᠦᠳᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ︔ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠨᠠᠮ ︵ᠠᠵᠤ ᠦᠢᠯᠡᠳᠪᠦᠷᠢ︶ ᠤᠨ ᠬᠤᠷᠢᠶ᠎ᠡ ᠶᠢᠨ ᠱᠦᠵᠢ ᠤᠬᠠᠮᠰᠠᠷ ᠠᠴᠠ ᠪᠠᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠵᠡᠪᠰᠡᠭᠲᠦ ᠬᠦᠴᠦᠨ ᠤ ᠠᠵᠢᠯ ᠤᠨ ᠴᠢᠬᠤᠯᠠ ᠶᠡᠭᠡ ᠤᠴᠢᠷ ᠶᠠᠪᠤᠳᠠᠯ ᠢ ᠤᠷᠢᠳᠠᠪᠠᠷ ᠰᠤᠳᠤᠯᠵᠤ᠂ ᠵᠠᠷᠤᠳᠠᠯ ᠤᠨ ᠪᠠᠲᠤᠯᠠᠭ᠎ᠠ ᠶᠢ ᠤᠷᠢᠳᠠᠪᠠᠷ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠠᠰᠠᠭᠤᠳᠠᠯ ᠢ ᠤᠷᠢᠳᠠᠪᠠᠷ ᠰᠢᠢᠳᠪᠦᠷᠢᠯᠡᠵᠦ᠂ ᠨᠢᠭᠡ ᠲᠤᠰᠢᠶᠠᠯ ᠤᠨ ᠬᠤᠭᠤᠴᠠᠭᠠᠨ ᠳᠤ ᠨᠣᠶᠠᠨ ᠰᠠᠭᠤᠪᠠᠯ ᠨᠢᠭᠡ ᠭᠠᠵᠠᠷ ᠤᠨ ᠴᠡᠷᠢᠭ ᠤᠨ ᠬᠦᠴᠦᠨ ᠢ ᠮᠠᠨᠳᠤᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢᠭᠡᠳᠦᠯᠲᠡᠶ ᠲᠥᠯᠥᠪᠵᠢᠭᠦᠯᠬᠦ ᠶᠢ ᠰᠠᠶᠢᠲᠤᠷ ᠬᠢᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠣᠯᠤᠨ ᠵᠡᠪᠰᠡᠭᠲᠦ ᠬᠦᠴᠦᠨ ᠤ ᠠᠵᠢᠯ ᠢ ᠵᠡᠷᠭᠡᠪᠡᠷ ᠠᠬᠢᠭᠤᠯᠬᠤ ᠶᠢ ᠪᠠᠷᠢᠮᠲᠠᠯᠠᠨ᠂ ᠦᠨᠳᠦᠰᠦᠨ ᠱᠠᠲᠤ ᠶᠢ ᠣᠨᠣᠪᠴᠢᠲᠠᠶ ᠵᠢᠯᠣᠭᠤᠳᠴᠤ ᠪᠠᠶᠢᠭᠠᠳ ᠵᠡᠪᠰᠡᠭᠲᠦ ᠬᠦᠴᠦᠨ ᠤ ᠬᠡᠯᠲᠡᠰ ᠤᠨ ᠵᠢᠷᠤᠮᠵᠢᠭᠤᠯᠤᠭᠰᠠᠨ ᠪᠠᠶᠢᠭᠤᠯᠤᠯᠲᠠ ᠶᠢ ᠰᠠᠶᠢᠲᠤᠷ ᠬᠢᠵᠦ᠂ ᠪᠥᠬᠦ ᠬᠤᠰᠢᠭᠤᠨ ᠤ ᠵᠡᠪᠰᠡᠭᠲᠦ ᠬᠦᠴᠦᠨ ᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠦᠨᠡᠨᠬᠦ ᠠᠬᠢᠭᠤᠯᠬᠤ ᠬᠡᠷᠡᠭᠲᠡᠶ᠃  ᠬᠤᠷᠠᠯ ᠠᠴᠠ 3 ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠢᠯᠴᠢᠨ︶ ᠬᠤᠷᠢᠶ᠎ᠡ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠤᠰᠤᠳ ᠱᠦᠵᠢ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠪᠡ︔ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠯᠢᠩ ᠪᠦᠭᠦ ᠬᠤᠰᠢᠭᠤᠨ ᠤ ᠵᠡᠪᠰᠡᠭᠲᠦ ᠬᠦᠴᠦᠨ ᠤ ᠠᠵᠢᠯ ᠳᠤ ᠬᠠᠷᠢᠭᠤ ᠮᠡᠳᠡᠭᠦᠯᠦᠯᠲᠡ ᠬᠢᠵᠦ ᠦᠨᠡᠯᠡᠯᠲᠡ ᠬᠢᠵᠦ᠂ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ ᠳᠤᠷᠠᠳᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号