ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2023/12/22
 ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ 12 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠲᠡᠷᠢᠭᠦᠨ ᠤ ᠬᠤᠳᠠᠯᠳᠤᠭᠠᠨ ᠤ ᠣᠷᠴᠢᠨ ᠨᠥᠬᠦᠴᠡᠯ ᠢ ᠪᠦᠲᠦᠭᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠶ᠎ᠡ︾ ᠭᠡᠰᠡᠨ ᠰᠡᠳᠦᠪ ᠢᠶᠠᠷ ᠲᠠᠪᠤᠳᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ᠃ ᠬᠤᠸᠠᠳᠦ᠋ᠩ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠯᠥᠸᠧ ᠫᠧᠢ ᠰᠢᠨ ᠲᠠᠶᠢᠯᠤᠮᠵᠢ ᠬᠢᠵᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠲᠦᠷᠦ ᠶᠢᠨ ᠶᠠᠪᠤᠳᠠᠯ ᠤᠨ ᠭᠡᠰᠢᠭᠦᠨ ᠸᠠᠩ ᠰᠢᠶᠣᠣ ᠬᠤᠩ᠂ ᠦ᠋ ᠵᠧᠩ ᠯᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠯᠢ ᠴᠢᠶᠠᠩ ᠲᠠᠶᠢᠯᠤᠮᠵᠢ ᠪᠠ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠤᠶᠢᠵᠢᠭᠤᠯᠤᠨ ᠬᠥᠭᠵᠢᠭᠡᠬᠦ᠂ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ ᠵᠠᠩᠭᠢᠯᠠᠭ᠎ᠠ ᠶᠢᠨ ᠠᠷᠭ᠎ᠠ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠲᠡᠷᠢᠭᠦᠨ ᠤ ᠬᠤᠳᠠᠯᠳᠤᠭᠠᠨ ᠤ ᠣᠷᠴᠢᠨ ᠨᠥᠬᠦᠴᠡᠯ ᠢ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠥᠬᠦᠷᠡᠰᠢ ᠦᠭᠡᠢ ᠴᠢᠷᠮᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠰᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃12 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠴᠢᠯᠡᠭᠰᠡᠨ ᠲᠡᠷᠢᠭᠦᠨ ᠤ ᠬᠤᠳᠠᠯᠳᠤᠭᠠᠨ ᠤ ᠣᠷᠴᠢᠨ ᠨᠥᠬᠦᠴᠡᠯ ᠢ ᠪᠦᠲᠦᠭᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ ᠬᠥᠭᠵᠢᠭᠡᠶ᠎ᠡ︾ ᠭᠡᠰᠡᠨ ᠰᠡᠳᠦᠪ ᠢᠶᠠᠷ ᠲᠠᠪᠤᠳᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠠᠩ ᠰᠢᠩ ᠯᠧᠢ ᠰᠡᠭᠦᠳᠡᠷᠯᠡᠪᠡ᠃    ᠯᠢ ᠴᠢᠶᠠᠩ ᠵᠢᠭᠠᠵᠤ ᠭᠠᠷᠭᠠᠭᠰᠠᠨ ᠨᠢ᠂ ᠣᠷᠳᠣ ᠬᠤᠭᠤᠴᠠᠭᠠᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠮᠠᠨ ᠤ ᠤᠯᠤᠰ ᠤᠨ ᠬᠤᠳᠠᠯᠳᠤᠭᠠᠨ ᠤ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠲᠠᠰᠤᠷᠠᠯᠲᠠ ᠦᠭᠡᠢ ᠨᠡᠮᠡᠭᠳᠡᠪᠡ᠃ ᠡᠭᠦᠨ ᠤ ᠵᠡᠷᠭᠡ ᠪᠠᠷ᠂ ᠬᠤᠳᠠᠯᠳᠤᠭᠠᠨ ᠤ ᠣᠷᠴᠢᠨ ᠨᠥᠬᠦᠴᠡᠯ ᠳᠤ ᠬᠠᠮᠤᠭ ᠤᠨ ᠰᠠᠶᠢᠨ ᠭᠡᠵᠦ ᠪᠠᠶᠢᠬᠤ ᠦᠭᠡᠢ᠂ ᠬᠠᠷᠢᠨ ᠨᠠᠩ ᠰᠠᠶᠢᠨ ᠪᠠᠶᠢᠨ᠎ᠠ ᠭᠡᠳᠡᠭ ᠢ ᠣᠯᠵᠤ ᠬᠠᠷᠠᠬᠤ ᠬᠡᠷᠡᠭᠲᠡᠢ᠃ ᠳᠠᠷᠠᠭ᠎ᠠ ᠪᠠᠷ᠂ ᠡᠷᠬᠡ ᠲᠡᠭᠰᠢ ᠥᠷᠢᠰᠦᠯᠳᠦᠭᠡᠨ ᠢ ᠨᠡᠩ ᠰᠠᠶᠢᠲᠤᠷ ᠬᠠᠮᠠᠭᠠᠯᠠᠬᠤ ᠶᠢᠨ ᠲᠣᠭᠤᠷᠢᠨ ᠳᠤ ᠵᠠᠬ᠎ᠠ ᠳᠡᠯᠭᠡᠭᠦᠷᠴᠢᠯᠡᠬᠦ ᠲᠦᠪᠰᠢᠨ ᠢ ᠤᠯᠠᠮ ᠳᠡᠭᠡᠭᠰᠢᠯᠡᠭᠦᠯᠵᠦ᠂ ᠡᠯ᠎ᠡ ᠲᠦᠷᠦᠯ ᠤᠨ ᠥᠮᠴᠢᠯᠡᠯᠲᠦ ᠠᠵᠤ ᠠᠬᠤᠶᠢᠯᠠᠯ ᠤᠳ ᠤᠨ ᠬᠥᠭᠵᠢᠨ ᠪᠤᠵᠠᠭᠠᠶᠢᠷᠠᠬᠤ ᠶᠢ ᠨᠢᠭᠡ ᠯᠡ ᠠᠳᠠᠯᠢ ᠪᠠᠷ ᠳᠡᠮᠵᠢᠵᠦ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡᠳᠦᠯᠲᠡᠢ ᠵᠠᠬ᠎ᠠ ᠳᠡᠯᠭᠡᠭᠦᠷ ᠪᠣᠯᠣᠨ ᠡᠷᠬᠡ ᠲᠡᠭᠰᠢ ᠥᠷᠢᠰᠦᠯᠳᠦᠭᠡᠨ ᠢ ᠬᠠᠷᠰᠢᠯᠠᠵᠤ ᠪᠠᠶᠢᠭ᠎ᠠ ᠲᠣᠭᠲᠠᠭᠠᠯ ᠬᠢᠳᠡᠯ ᠢ ᠴᠡᠪᠡᠷᠯᠡᠨ ᠴᠤᠴᠠᠯᠬᠤ ᠪᠠᠨ ᠡᠷᠴᠢᠮᠵᠢᠭᠦᠯᠵᠦ᠂ ᠡᠯ᠎ᠡ ᠲᠦᠷᠦᠯ ᠤᠨ ᠥᠮᠴᠢᠯᠡᠯᠲᠦ ᠠᠵᠤ ᠠᠬᠤᠶᠢᠯᠠᠯ ᠤᠳ ᠤᠨ ᠡᠷᠬᠡ ᠲᠡᠭᠰᠢ ᠪᠠᠷ ᠥᠷᠢᠰᠦᠯᠳᠦᠭᠡᠨ ᠳᠤ ᠣᠷᠣᠯᠴᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠬᠤ ᠶᠢᠨ ᠲᠣᠭᠤᠷᠢᠨ ᠳᠤ ᠬᠠᠤᠯᠢ ᠪᠠᠷ ᠵᠠᠰᠠᠬᠤ ᠲᠦᠪᠰᠢᠨ ᠢ ᠤᠯᠠᠮ ᠳᠡᠭᠡᠭᠰᠢᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠯᠴᠠᠭ᠎ᠠ ᠶᠢ ᠦᠷᠭᠦᠯᠵᠢᠯᠡᠨ ᠪᠦᠷᠢᠨᠰᠢᠭᠦᠯᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ ᠵᠢᠷᠤᠮᠵᠢᠭᠤᠯᠵᠤ᠂ ᠵᠠᠰᠠᠭ ᠵᠠᠬᠢᠷᠭᠠᠨ ᠤ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠵᠤ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠲᠣᠭᠲᠠᠭᠤᠨ᠂ ᠢᠯᠡ᠂ ᠵᠢᠷᠤᠮᠵᠢᠭᠤᠨ᠂ ᠵᠢᠱᠢᠬᠦ᠋ᠢᠴᠡ ᠬᠠᠤᠯᠢᠵᠢᠭᠰᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠦᠭᠡᠯᠡᠯᠲᠡ ᠳᠥᠭᠦᠮᠴᠢᠯᠡᠯᠲᠡ ᠶᠢ ᠨᠡᠩ ᠰᠠᠶᠢᠲᠤᠷ ᠠᠬᠢᠭᠤᠯᠬᠤ ᠶᠢᠨ ᠲᠣᠭᠤᠷᠢᠨ ᠳᠤ ᠳᠡᠯᠡᠬᠡᠶᠢᠴᠢᠯᠡᠬᠦ ᠲᠦᠪᠰᠢᠨ ᠢ ᠤᠯᠠᠮ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠬᠤ ᠶᠢ ᠴᠢᠩᠭᠠᠳᠬᠠᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠲᠠᠪᠴᠠᠩ ᠤᠨ ᠳᠠᠷᠤᠯᠲᠠ ᠶᠢ ᠰᠢᠯᠭᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠬᠥᠲᠥᠯᠥᠨ ᠳᠠᠭᠠᠭᠤᠯᠬᠤ ᠴᠢᠨᠠᠷᠲᠠᠢ᠂ ᠪᠡᠯᠭᠡ ᠲᠡᠮᠳᠡᠭ ᠤᠨ ᠴᠢᠨᠠᠷᠲᠠᠢ ᠳᠦᠷᠢᠮ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠤᠢ ᠪᠣᠯᠭᠠᠬᠤ ᠬᠡᠷᠡᠭᠲᠡᠢ ᠭᠡᠵᠡᠢ᠃    ᠯᠢ ᠴᠢᠶᠠᠩ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠪᠣᠯ ᠬᠤᠳᠠᠯᠳᠤᠭᠠᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠭᠤᠯᠭ᠎ᠠ ᠮᠥᠨ ᠪᠥᠭᠡᠳ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠴᠢᠳᠠᠪᠬᠢ ᠪᠠᠨ ᠦᠨᠡᠨ ᠬᠦ ᠬᠤᠪᠢᠷᠠᠭᠤᠯᠵᠤ ᠦᠢᠯᠡᠳᠦᠯ ᠢᠶᠠᠨ ᠳᠡᠭᠡᠭᠰᠢᠯᠡᠭᠦᠯᠬᠦ ᠶᠢᠨ ᠪᠠᠶᠢᠪᠠᠰᠤ ᠵᠣᠬᠢᠬᠤ ᠠᠭᠤᠯᠭ᠎ᠠ ᠮᠥᠨ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠠᠬᠢ ᠤᠯᠠᠨ ᠲᠦᠮᠡᠨ ᠪᠠ ᠠᠵᠤ ᠠᠬᠤᠶᠢᠯᠠᠯ ᠤᠳ ᠤᠨ ᠲᠠᠰᠤᠷᠠᠯᠲᠠ ᠦᠭᠡᠢ ᠥᠨᠳᠥᠷᠵᠢᠭᠰᠡᠨ ᠱᠠᠭᠠᠷᠳᠠᠯᠭ᠎ᠠ ᠳᠤ ᠵᠣᠬᠢᠴᠠᠭᠤᠯᠤᠨ᠂ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠰᠠᠶᠢᠨ ᠠᠷᠭ᠎ᠠ ᠶᠢ ᠨᠡᠩ ᠣᠯᠠᠨ ᠭᠠᠷᠭᠠᠵᠤ᠂ ᠤᠯᠠᠨ ᠲᠦᠮᠡᠨ ᠪᠠ ᠠᠵᠤ ᠠᠬᠤᠶᠢᠯᠠᠯ ᠳᠤ ᠵᠢᠯ ᠪᠣᠯᠭᠠᠨ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠢ᠃ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠢᠶᠠᠨ ᠪᠠᠶᠢᠩᠭᠤ ᠳᠡᠭᠡᠭᠰᠢᠯᠡᠭᠦᠯᠬᠦ ᠶᠢ ᠠᠬᠢᠭᠤᠯᠵᠤ᠂ ᠲᠣᠭᠲᠠᠴᠠ ᠶᠢ ᠤᠯᠠᠮ ᠲᠡᠭᠦᠯᠳᠡᠷᠵᠢᠭᠦᠯᠦᠨ᠂ ᠶᠠᠪᠤᠴᠠ ᠶᠢ ᠤᠯᠠᠮ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠢᠯᠡᠴᠢᠯᠡᠭᠡᠨ ᠤ ᠠᠷᠭ᠎ᠠ ᠶᠢ ᠪᠦᠷᠢᠨᠰᠢᠭᠦᠯᠵᠦ᠂ ᠲᠣᠮᠣ ᠳ᠋ᠠᠶᠢᠲ᠋ᠠ᠂ ᠬᠢᠮᠡᠯ ᠣᠶᠣᠨ ᠵᠡᠷᠭᠡ ᠰᠢᠨ᠎ᠡ ᠮᠡᠷᠭᠡᠵᠢᠯ ᠢ ᠭᠦᠢᠴᠡᠳ ᠬᠡᠷᠡᠭᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号