ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤ ᠵᠠᠰᠠᠭ ᠤᠨ ᠣᠷᠳᠣᠨ ᠤ ᠪᠦᠭᠦᠳᠡ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/25
  ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤ ᠵᠠᠰᠠᠭ ᠤᠨ ᠣᠷᠳᠣᠨ ᠤ ᠪᠦᠭᠦᠳᠡ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ  12 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠬᠤᠰᠢᠭᠤ ᠵᠠᠰᠠᠭ ᠤᠨ ᠣᠷᠳᠣᠨ ᠤ ᠪᠥᠬᠦᠳᠡ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠸᠠᠩ ᠶᠦᠨ ᠰᠢᠶᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠢᠴᠢᠭᠲᠦ᠂ ᠰᠢᠶ᠋ᠸ ᠶᠦᠨ ᠰᠥᠩ᠂ ᠸᠠᠩ ᠴᠢᠦ ᠶᠧ᠂ ᠢᠦᠶ ᠬᠤᠸᠠ ᠶᠠᠨ᠂ ᠵᠤᠸᠠᠩ ᠸᠧᠨ ᠳ᠋ᠢ ᠬᠤᠷᠠᠯ ᠳᠤ ᠣᠷᠣᠯᠴᠠᠵᠠᠶ᠃ ᠬᠤᠰᠢᠭᠤᠨ ᠦ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃  ᠬᠤᠷᠠᠯ ᠠᠴᠠ ︽2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠤᠤᠷᠠᠭ︶ ︾ ᠢ ᠰᠤᠳᠤᠯᠤᠨ ᠬᠢᠨᠠᠨ ᠵᠥᠪᠯᠡᠵᠦ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠥᠩᠭᠡᠷᠡᠭᠰᠡᠨ ᠨᠢᠭᠡ ᠵᠢᠯ ᠤᠨ ᠠᠵᠢᠯ ᠤᠨ ᠳ᠋ᠦᠩᠨᠡᠯᠲᠡ ᠮᠥᠨ ᠪᠥᠭᠡᠳ ᠪᠠᠰᠠ ᠴᠤ ᠵᠠᠰᠠᠭ ᠤᠨ ᠣᠷᠳᠣᠨ ᠤ ᠰᠢᠨ᠎ᠡ ᠨᠢᠭᠡ ᠵᠢᠯ ᠤᠨ ᠠᠵᠢᠯ ᠢ ᠳᠥᠯᠭᠢᠨ ᠠᠬᠢᠭᠤᠯᠬᠤ ︽ᠵᠠᠮ ᠱᠤᠭᠤᠮ ᠤᠨ ᠵᠢᠷᠤᠭ︾ ︽ᠡᠭᠦᠷᠭᠡ ᠶᠢᠨ ᠪᠢᠴᠢᠭ︾ ᠮᠥᠨ ᠂ ᠡᠭᠦᠨ ᠳᠤ ᠣᠶᠤᠨ ᠤᠬᠠᠭᠠᠨ ᠢ ᠭᠦᠢᠴᠡᠳ ᠲᠥᠪᠯᠡᠷᠡᠭᠦᠯᠬᠦ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠪᠠᠷ ᠳᠠᠮᠵᠢᠭᠤᠯᠤᠨ᠂ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠲᠠᠢ ᠤᠶᠠᠯᠳᠤᠭᠤᠯᠤᠨ᠂ ᠨᠠᠷᠢᠨ ᠬᠢᠨᠠᠮᠠᠭᠠᠶ ᠵᠠᠰᠠᠨ ᠲᠡᠭᠦᠯᠳᠡᠷᠵᠢᠭᠦᠯᠵᠦ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠳᠣᠪᠤᠶᠢᠯᠭᠠᠨ᠂ ︽ᠢᠯᠡᠳᠬᠡᠯ︾ ᠢ ᠳᠡᠭᠡᠳᠦ ᠱᠠᠲᠤᠨ ᠤ ᠵᠣᠷᠢᠭ ᠰᠠᠨᠠᠭ᠎ᠠ ᠳᠤ ᠨᠠᠩ ᠢᠯᠡᠭᠦᠤ ᠨᠡᠶᠢᠴᠡᠭᠦᠯᠵᠦ᠂ ᠬᠠᠷᠠᠴᠠᠨ ᠬᠤᠰᠢᠭᠤᠨ ᠤ ᠪᠣᠳᠠᠲᠤ ᠪᠠᠶᠢᠳᠠᠯ ᠳᠤ ᠨᠠᠩ ᠢᠯᠡᠭᠦᠤ ᠨᠡᠶᠢᠴᠡᠭᠦᠯᠵᠦ᠂ ᠢᠲᠡᠭᠡᠯ ᠵᠣᠷᠢᠭ ᠢ ᠨᠠᠩ ᠰᠠᠶᠢᠲᠤᠷ ᠬᠥᠪᠴᠢᠯᠡᠵᠦ᠂ ᠬᠥᠮᠦᠰ ᠤᠨ ᠰᠡᠳᠬᠢᠯ ᠢ ᠨᠢᠭᠲᠠᠷᠠᠭᠤᠯᠤᠨ᠂ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃ ᠪᠦᠬᠦ ᠵᠢᠯ ᠤᠨ ᠬᠠᠷᠠᠯᠲᠠ ᠡᠭᠦᠷᠭᠡ ᠶᠢ ᠪᠠᠷᠢᠮᠵᠢᠶ᠎ᠡ ᠬᠦᠰᠦᠨᠦᠭᠲᠦ ᠳᠤ ᠬᠠᠷᠭᠤᠭᠤᠯᠵᠤ᠂ ᠪᠦᠬᠦ ᠲᠠᠯ᠎ᠠ ᠪᠠᠷ ᠡᠮᠬᠢᠯᠡᠨ ᠳ᠋ᠦᠩᠨᠡᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠬᠦ ᠠᠵᠢᠯ ᠢ ᠱᠠᠯᠠᠪᠳᠠᠨ ᠬᠢᠵᠦ᠂ ︽ᠢᠯᠡᠳᠬᠡᠯ︾ ᠤᠨ ᠪᠦᠲᠦᠴᠡ ᠶᠢ ᠨᠡᠩ ᠵᠦᠢ ᠵᠣᠬᠢᠰᠲᠠᠶ᠂ ᠭᠤᠣᠯᠳᠠᠯᠭ᠎ᠠ ᠶᠢ ᠨᠡᠩ ᠳᠤᠪᠤᠶᠢᠯᠭᠠᠵᠤ᠂ ᠠᠭᠤᠯᠭ᠎ᠠ ᠶᠢ ᠨᠡᠩ ᠪᠠᠶᠠᠯᠢᠭ ᠂ ᠢᠯᠡᠳᠬᠡᠯᠲᠡ ᠶᠢ ᠨᠡᠩ ᠣᠨᠣᠪᠴᠢᠲᠠᠶ ᠪᠣᠯᠭᠠᠬᠤ ᠬᠡᠷᠡᠭᠲᠡᠶ᠃ ᠢᠷᠡᠬᠦ ᠵᠢᠯ ᠤᠨ ᠵᠠᠰᠠᠭ ᠤᠨ ᠣᠷᠳᠣᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠵᠢᠱᠢᠭᠰᠡᠨ ᠬᠠᠷᠠᠯᠲᠠ᠂ ᠠᠵᠢᠯ ᠤᠨ ᠭᠠᠷᠳᠠᠴᠠ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠶᠢ ᠣᠨᠣᠪᠴᠢᠲᠠᠶ ᠪᠥᠭᠡᠳ ᠭᠦᠨᠵᠡᠭᠡᠶ ᠪᠣᠳᠠᠲᠠᠶ ᠪᠠᠷ ᠪᠣᠳᠣᠯᠬᠢᠯᠠᠵᠤ᠂ ᠡᠨᠡ ᠵᠢᠯ ᠤᠨ ᠰᠡᠭᠦᠯᠴᠢ ᠪᠠ ᠢᠷᠡᠬᠦ ᠵᠢᠯ ᠤᠨ ᠡᠬᠢᠯᠡᠯᠲᠡ ᠶᠢ ᠤᠷᠤᠭᠰᠢᠲᠠᠶ ᠵᠣᠯᠭᠠᠭᠤᠯᠬᠤ ᠶᠢ ᠲᠦᠯᠬᠢᠨ ᠠᠬᠢᠭᠤᠯᠵᠤ᠂ ᠢᠷᠡᠬᠦ ᠵᠢᠯ ᠤᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ ᠭᠡᠵᠠᠢ᠃  ᠵᠣᠣ ᠶᠠᠨ ᠬᠤᠩ ᠴᠢᠬᠤᠯᠠᠴᠢᠯᠠᠭᠰᠠᠨ ᠨᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠥᠬᠦ ᠬᠤᠰᠢᠭᠤᠨ ᠤ ᠠᠷᠠᠳ ᠲᠦᠮᠡᠨ ᠳᠤ ᠠᠮᠠᠯᠳᠠᠭᠰᠠᠨ ᠠᠮᠠᠯᠠᠯᠲᠠ ᠪᠠᠶᠢᠵᠤ᠂ ᠣᠯᠠᠨ ᠲᠦᠮᠡᠨ ᠤ ᠠᠰᠢᠭ ᠲᠤᠰᠠ᠂ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠶᠢ ᠴᠢᠩᠭ᠎ᠠ ᠠᠩᠬᠠᠷᠴᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠪᠠᠭᠤᠷᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠡᠮᠦᠨᠡᠬᠢ ᠬᠤᠭᠤᠴᠠᠭᠠᠨ ᠤ ᠨᠤᠲᠠᠯᠠᠯᠲᠠ ᠶᠢ ᠴᠢᠩᠭᠠᠳᠬᠠᠵᠤ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠪᠦᠬᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ ᠴᠢᠨᠠᠷᠲᠠᠢ ᠪᠠᠷ ᠠᠬᠢᠭᠤᠯᠬᠤ ᠶᠢ ᠴᠢᠬᠤᠯᠠᠴᠢᠯᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠤᠬᠠᠢ ᠶᠢᠨ ᠵᠢᠯ ᠳᠤ ᠪᠦᠳᠦᠭᠡᠨ ᠪᠠᠶᠢᠭᠤᠯᠵᠤ᠂ ᠲᠤᠬᠠᠢ ᠶᠢᠨ ᠵᠢᠯ ᠳᠤ ᠠᠵᠢᠯ ᠢᠶᠠᠨ ᠳᠠᠭᠤᠰᠬᠠᠬᠤ ᠶᠢ ᠪᠡᠶᠡᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠪᠡᠯᠡ ᠮᠥᠩᠭᠦᠨ ᠤ ᠪᠠᠲᠤᠯᠠᠭ᠎ᠠ ᠶᠢ ᠰᠠᠶᠢᠲᠤᠷ ᠬᠢᠵᠦ᠂ ᠳᠡᠭᠡᠭᠰᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ᠂ ᠵᠠᠰᠠᠭ ᠤᠨ ᠣᠷᠳᠣᠨ ᠤ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢ ᠴᠢᠷᠮᠠᠶᠢᠨ ᠣᠯᠵᠤ᠂ ᠪᠡᠯᠡ ᠮᠥᠩᠭᠦᠨ ᠤ ᠢᠷᠡᠯᠳᠡ ᠶᠢ ᠥᠷᠭᠡᠳᠬᠡᠬᠦ ᠬᠡᠷᠡᠭᠲᠡᠢ ᠭᠡᠵᠠᠢ ᠃  ᠬᠤᠷᠠᠯ ᠳᠡᠭᠡᠷ᠎ᠡ ᠪᠠᠰᠠ ︽ᠬᠠᠷᠠᠴᠢᠨ ᠬᠤᠰᠢᠭᠤᠨ ᠤ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠬᠡᠭᠰᠡ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶︾ ︽ᠬᠠᠷᠠᠴᠢᠨ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠬᠡᠭᠰᠡ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶︾ ᠢ ᠰᠤᠳᠤᠯᠤᠨ ᠬᠢᠨᠠᠨ ᠵᠥᠪᠯᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号