ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/5
     12 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠴᠢᠦ ᠶᠧ᠂ ᠵᠤᠸᠠᠩ ᠸᠧᠨ ᠳ᠋ᠢ ᠬᠤᠷᠠᠯ ᠳᠤ ᠣᠷᠣᠯᠴᠠᠵᠤ᠂ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ 2023 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢᠨ ᠪᠠᠶᠢᠳᠠᠯ ᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ 2023 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ 2024 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢᠨ ᠪᠠᠶᠢᠳᠠᠯ ᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠵᠢᠯ ᠤᠨ ᠡᠴᠦᠰ ᠪᠣᠯᠬᠤ ᠳᠤ᠂ ᠡᠯ᠎ᠡ ᠵᠦᠢᠯ ᠤᠨ ᠠᠵᠢᠯ ᠡᠴᠦᠰ ᠤᠨ ᠰᠢᠪᠲᠤᠯᠤᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠤᠯᠬᠤ᠂ ᠵᠠᠪᠠᠯ ᠢᠯᠠᠯᠲᠠ ᠤᠯᠬᠤ ᠣᠪᠣᠷ ᠢᠶᠠᠷ ᠪᠣᠭᠤᠮᠲᠠ ᠰᠢᠪᠲᠤᠯᠬᠤ ᠳᠠᠶᠢᠯᠠᠯᠳᠤᠭᠠᠨ᠂ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠵᠦ᠂ ᠪᠥᠬᠦ ᠵᠢᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠠᠢ᠃     ᠵᠤᠤ ᠶᠠᠨ ᠬᠤᠩ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠣᠨᠣᠪᠴᠢᠲᠠᠢ ᠡᠵᠡᠮᠳᠡᠵᠦ᠂ ᠣᠨ ᠤ ᠡᠯ᠎ᠡ ᠵᠦᠢᠯ ᠤᠨ ᠬᠠᠷᠠᠯᠲᠠ ᠪᠠᠨ ᠲᠣᠭᠲᠠᠭᠠᠵᠤ᠂ ᠵᠤᠷᠪᠤᠰ ᠳᠠᠷᠠᠭᠠᠯᠠᠨ ᠡᠮᠬᠢᠯᠡᠵᠦ᠂ ᠵᠤᠷᠪᠤᠰ ᠳᠠᠷᠠᠭᠠᠯᠠᠨ ᠵᠠᠳᠠᠯᠵᠤ᠂ ᠳᠠᠪᠠᠭᠤᠯᠢᠭ ᠭᠦᠢᠴᠡᠳᠬᠡᠯ ᠲᠤᠭ᠎ᠠ ᠶᠢ ᠪᠠᠬᠢᠵᠢᠭᠦᠯᠦᠨ ᠳᠡᠭᠡᠭᠰᠢᠯᠡᠭᠦᠯᠬᠦ᠂ ᠳᠤᠮᠳᠠ ᠤᠷᠤᠰᠬᠠᠯ ᠤᠨ ᠭᠦᠢᠴᠡᠳᠬᠡᠯ ᠲᠤᠭ᠎ᠠ ᠶᠢ ᠲᠡᠷᠢᠭᠦᠨ ᠳᠦ ᠭᠠᠷᠭᠠᠬᠤ ᠪᠠᠷ ᠴᠢᠷᠮᠠᠶᠢᠬᠤ᠂ ᠳᠤᠲᠠᠭᠤᠳᠠᠯ ᠤᠨ ᠭᠦᠢᠴᠡᠳᠬᠡᠯ ᠲᠤᠭ᠎ᠠ ᠶᠢ ᠬᠥᠭᠡᠭᠡᠵᠦ ᠭᠦᠢᠴᠡᠬᠦ ᠶᠢ ᠦᠨᠡᠨᠬᠦ ᠠᠬᠢᠭᠤᠯᠵᠤ᠂ ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠭᠦᠨᠵᠡᠭᠡᠢ ᠵᠠᠳᠠᠯᠵᠤ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠲᠤᠭ᠎ᠠ ᠪᠠᠷᠢᠮᠲᠠ ᠶᠢ ᠬᠢᠨᠠᠨ ᠰᠢᠨᠵᠢᠵᠦ ᠵᠠᠳᠠᠯᠬᠤ ᠶᠢ ᠴᠢᠩᠭᠠᠳᠬᠠᠵᠤ᠂ ᠴᠠᠭ ᠲᠤᠬᠠᠢ ᠳᠤᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠥᠷᠢ ᠰᠢᠷᠢ ᠶᠢ ᠪᠦᠬᠦ ᠬᠦᠴᠦᠨ ᠢᠶᠠᠷ ᠢᠶᠠᠨ ᠨᠥᠬᠦᠪᠥᠷᠢᠯᠡᠵᠦ᠂ ᠳᠠᠯᠳᠠ ᠬᠦᠴᠦᠨ ᠢ ᠠᠭᠤᠳᠠᠯᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠠᠯᠤᠰ ᠬᠡᠲᠦ ᠶᠢᠨ ᠬᠥᠭᠵᠢᠯᠲᠡ ᠶᠢ ᠪᠣᠳᠣᠯᠬᠢᠯᠠᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠨ᠎ᠡ ᠨᠢᠭᠡ ᠵᠢᠯ ᠤᠨ ᠭᠤᠤᠯ ᠭᠦᠢᠴᠡᠳᠬᠡᠯ ᠲᠤᠭ᠎ᠠ᠂ ᠴᠢᠬᠤᠯᠠ ᠶᠡᠭᠡ ᠲᠥᠷᠥᠯ ᠵᠦᠢᠯ ᠪᠠ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号