ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠷᠠᠴᠢᠨ ᠬᠤᠰᠢᠭᠤᠨ ᠳᠤ ᠬᠦᠷᠴᠦ ᠣᠶ ᠰᠢᠭᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/6
     12 ᠰᠠᠷ᠎ᠠ ᠶᠢᠨ 6 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠳ᠋ᠦᠩ ᠵᠢᠶᠠᠨ ᠯᠢᠨ ᠵᠢᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ ᠸᠠᠩ ᠯᠢ ᠶᠢᠩ ᠬᠠᠷᠠᠴᠢᠨ ᠬᠤᠰᠢᠭᠤᠨ ᠳᠤ ᠬᠦᠷᠴᠦ ᠣᠶ ᠰᠢᠭᠤᠶ ᠶᠢᠨ ᠠᠵᠤ ᠠᠬᠤᠶ ᠶᠢᠨ ᠠᠵᠤ ᠦᠢᠯᠡᠰ ᠢ ᠪᠠᠶᠢᠴᠠᠭᠠᠨ ᠰᠤᠳᠤᠯᠬᠤ ᠶᠢᠨ ᠬᠠᠮᠲᠤ ᠰᠠᠭᠤᠳᠠᠯ ᠤᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠢᠴᠢᠭᠲᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠡᠰᠡᠭ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠤᠶᠤ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠷᠠᠯ ᠠᠴᠠ ᠡᠮᠦᠨ᠎ᠡ᠂ ᠳ᠋ᠦᠩ ᠵᠢᠶᠠᠨ ᠯᠢᠨ ᠤᠷᠢᠳ ᠬᠤᠵᠢᠳ ᠢᠦᠶ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶ ᠴᠣᠭᠴᠠ᠂ ᠸᠠᠩ ᠶᠧ ᠹᠦ᠋ ᠪᠠᠯᠭᠠᠰᠤᠨ ᠤ ᠲᠤᠸᠠᠨ ᠵᠢᠶᠧ ᠳ᠋ᠢ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠬᠠᠷᠠᠴᠢᠨ ᠬᠤᠰᠢᠭᠤᠨ ᠤ ᠣᠶ ᠶᠢᠨ ᠮᠦᠭᠦ ᠂ ᠣᠶ ᠶᠢᠨ ᠵᠢᠭᠦᠷᠲᠡᠨ ᠵᠡᠷᠭᠡ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠬᠠᠮᠲᠤ ᠪᠠᠷ ︽ᠬᠠᠷᠠᠴᠢᠨ ᠬᠤᠰᠢᠭᠤᠨ ᠤ ᠣᠶ ᠰᠢᠭᠤᠶ ᠶᠢᠨ ᠠᠵᠤ ᠠᠬᠤᠶ︾ ᠶᠢᠨ ᠤᠬᠠᠭᠤᠯᠭ᠎ᠠ ᠶᠢᠨ ᠹᠢᠯᠢᠮ ᠢ ᠦᠵᠡᠵᠦ᠂ ᠳᠡᠳ᠋ ᠬᠤᠰᠢᠭᠤᠨ ᠳᠠᠷᠤᠭ᠎ᠠ ᠪᠢᠴᠢᠭᠲᠦ ᠪᠥᠬᠦ ᠬᠤᠰᠢᠭᠤᠨ ᠤ ᠣᠶ ᠰᠢᠭᠤᠶ ᠶᠢᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶ ᠪᠠᠶᠢᠳᠠᠯ ᠢ ᠬᠠᠷᠢᠭᠤ ᠮᠡᠳᠡᠭᠦᠯᠵᠦ᠂ ᠬᠤᠶᠠᠷ ᠲᠠᠯ᠎ᠠ ᠪᠠᠷ ᠢᠶᠠᠨ ᠣᠶ ᠰᠢᠭᠤᠶ ᠶᠢᠨ ᠠᠵᠤ ᠦᠢᠯᠡᠰ ᠢ ᠰᠠᠶᠢᠲᠤᠷ ᠬᠢᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠠᠭᠤᠳᠠᠯ ᠤᠨ ᠬᠤᠷᠠᠯ ᠬᠢᠵᠡᠶ᠃     ᠳ᠋ᠦᠩ ᠵᠢᠶᠠᠨ ᠯᠢᠨ ᠴᠢᠩᠭᠠᠳᠬᠠᠭᠰᠠᠨ ᠨᠢ᠂ ᠤᠢ ᠰᠢᠭᠤᠢ ᠶᠢᠨ ᠠᠵᠤ ᠠᠬᠤᠢ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠴᠢᠬᠤᠯᠠ ᠠᠮᠢ ᠠᠬᠤᠢ ᠶᠢᠨ ᠦᠷᠳᠡᠭ᠂ ᠠᠵᠤ ᠠᠬᠤᠢ ᠶᠢᠨ ᠦᠷᠳᠡᠭ᠂ ᠨᠡᠶᠢᠭᠡᠮ ᠤᠨ ᠦᠷᠳᠡᠭ ᠲᠠᠢ ᠶᠤᠮ᠃ ᠬᠠᠷᠠᠴᠢᠨ ᠬᠤᠰᠢᠭᠤᠨ ᠳᠤ ᠠᠪᠴᠤ ᠬᠡᠯᠡᠪᠡᠯ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠪᠠᠶᠢᠳᠠᠯ ᠢ ᠲᠠᠭᠠᠨ ᠠᠵᠢᠯᠯᠠᠵᠤ᠂ ᠪᠠᠶᠢᠳᠠᠯ ᠢ ᠠᠮᠵᠢᠨ ᠤᠷᠤᠭᠰᠢᠯᠠᠵᠤ᠂ ᠣᠶ ᠰᠢᠭᠤᠶ ᠶᠢᠨ ᠠᠵᠤ ᠠᠬᠤᠶ ᠶᠢᠨ ᠬᠥᠭᠵᠢᠯᠲᠡ ᠶᠢᠨ ᠶᠡᠭᠡ ᠦᠷ᠎ᠡ ᠪᠦᠲᠦᠮᠵᠢ ᠤᠯᠬᠤ ᠶᠢ ᠡᠷᠡᠰ ᠭᠤᠶᠢᠪᠢᠰᠢ ᠥᠬᠡᠶ ᠳᠥᠯᠭᠢᠨ ᠠᠬᠢᠭᠤᠯᠬᠤ ᠬᠡᠷᠡᠭᠲᠡᠶ᠃ ᠪᠣᠳᠠᠲᠠᠢ ᠳᠤ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠪᠠᠷᠢᠮᠲᠠᠯᠠᠵᠤ᠂ ᠠᠭᠤᠷ ᠠᠮᠢᠰᠬᠤᠯ᠂ ᠬᠥᠷᠥᠰᠥ ᠰᠢᠷᠣᠢ ᠵᠡᠷᠭᠡ ᠪᠠᠶᠢᠭᠠᠯᠢ ᠶᠢᠨ ᠨᠥᠬᠦᠴᠡᠯ ᠪᠣᠯᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠤᠢ ᠶᠢᠨ ᠮᠦᠭᠦ ᠂ ᠤᠢ ᠶᠢᠨ ᠵᠢᠭᠦᠷᠲᠡᠨ ᠂ ᠤᠢ ᠶᠢᠨ ᠡᠮ ᠵᠡᠷᠭᠡ ᠤᠢ ᠰᠢᠭᠤᠢ ᠶᠢᠨ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠰᠠᠶᠢᠲᠤᠷ ᠬᠥᠭᠵᠢᠭᠦᠯᠬᠦ ᠬᠡᠷᠡᠭᠲᠡᠢ᠃ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠤ ᠲᠦᠷᠦᠯ ᠲᠡᠮᠳᠡᠭ ᠢ ᠬᠦᠴᠦᠷᠬᠡᠭᠵᠢᠭᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠤᠯᠠᠨ ᠤᠢ ᠰᠢᠭᠤᠢ ᠶᠢᠨ ᠪᠦᠲᠦᠭᠡᠭᠳᠡᠬᠦᠨ ᠢ ᠬᠤᠳᠠᠯᠳᠤᠬᠤ᠂ ᠲᠦᠷᠭᠡᠨ ᠬᠤᠳᠠᠯᠳᠤᠬᠤ᠂ ᠰᠠᠶᠢᠨ ᠬᠤᠳᠠᠯᠳᠤᠬᠤ ᠶᠢ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠤᠨ ᠵᠤᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠤᠢ ᠰᠢᠭᠤᠢ ᠶᠢᠨ ᠵᠤᠭᠠᠴᠠᠯ᠂ ᠤᠢ ᠰᠢᠭᠤᠢ ᠶᠢᠨ ᠡᠷᠡᠭᠦᠯᠵᠢᠯ ᠰᠤᠪᠢᠯᠠᠯᠲᠠ ᠵᠡᠷᠭᠡ ᠤᠢ ᠰᠢᠭᠤᠢ ᠶᠢᠨ ᠠᠵᠤ ᠦᠢᠯᠡᠰ ᠢ ᠬᠥᠭᠵᠢᠭᠦᠯᠵᠦ᠂ ᠠᠷᠠᠳ ᠤᠯᠠᠨ ᠳᠤ ᠨᠡᠩ ᠤᠯᠠᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠬᠡᠷᠡᠭᠴᠡᠭᠡ ᠶᠢᠨ ᠬᠠᠩᠭᠠᠯᠭ᠎ᠠ ᠶᠢ ᠬᠠᠩᠭᠠᠬᠤ ᠬᠡᠷᠡᠭᠲᠡᠢ᠃ ᠤᠢ ᠰᠢᠭᠤᠶ ᠶᠢᠨ ᠦᠢᠯᠡᠰ ᠤᠨ ᠲᠣᠯᠣᠭᠠᠶᠢᠯᠠᠭᠴᠢ ᠠᠵᠤ ᠠᠬᠤᠶᠢᠯᠠᠯ ᠢᠶᠠᠷ ᠲᠦᠰᠢᠭ ᠪᠣᠯᠭᠠᠵᠤ᠂ ᠠᠵᠤ ᠦᠢᠯᠡᠰ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠨᠡᠮᠡᠭᠳᠡᠭᠦᠯᠦᠨ᠂ ᠳᠦᠷᠦᠯ ᠵᠦᠢᠯ ᠢᠶᠠᠷ ᠪᠠᠲᠤᠯᠠᠭ᠎ᠠ ᠪᠣᠯᠭᠠᠵᠤ᠂ ᠤᠢ ᠰᠢᠭᠤᠶ ᠶᠢᠨ ᠠᠵᠤ ᠠᠬᠤᠶ ᠶᠢᠨ ᠬᠡᠪᠴᠢᠶ᠎ᠡ ᠶᠢ ᠳᠠᠰᠤᠷᠠᠯᠳᠠ ᠦᠬᠡᠢ ᠪᠤᠵᠠᠭᠠᠶᠢᠷᠠᠭᠤᠯᠬᠤ ᠬᠡᠷᠡᠭᠲᠡᠶ ᠭᠡᠵᠠᠢ᠃     ᠵᠣᠣ ᠶᠠᠨ ᠬᠤᠩ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠣᠯᠢᠯᠴᠠᠭᠠᠨ ᠤ ᠰᠠᠭᠤᠳᠠᠯ ᠤᠨ ᠬᠤᠷᠠᠯ ᠢᠶᠠᠷ ᠳᠡᠮᠵᠢᠨ ᠬᠠᠷᠠᠴᠢᠨ ᠬᠤᠰᠢᠭᠤᠨ ᠤ ᠣᠶ ᠰᠢᠭᠤᠶ ᠶᠢᠨ ᠠᠵᠤ ᠦᠢᠯᠡᠰ ᠢ ᠰᠠᠶᠢᠲᠤᠷ ᠬᠥᠭᠵᠢᠭᠦᠯᠬᠦ ᠲᠠᠯ᠎ᠠ ᠪᠠᠷ ᠬᠢ ᠢᠲᠡᠭᠡᠯ ᠵᠣᠷᠢᠭ ᠨᠢ ᠨᠠᠩ ᠴᠢᠩᠭ᠎ᠠ ᠪᠣᠯᠵᠣ᠂ ᠡᠷᠴᠢ ᠵᠣᠷᠢᠭ ᠨᠢ ᠨᠠᠩ ᠲᠡᠭᠦᠯᠳᠡᠷ ᠪᠣᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠬᠠᠷᠠᠴᠢᠨ ᠬᠤᠰᠢᠭᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ ︽ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ︾ ᠪᠠᠷ ᠭᠠᠷᠳᠠᠴᠠ ᠪᠣᠯᠭᠠᠵᠤ᠂ ︽ᠬᠤᠶᠠᠷ ᠠᠭᠤᠯᠠ︾ ᠶᠢ ᠬᠤᠪᠢᠷᠠᠭᠤᠯᠬᠤ ᠵᠠᠮ ᠢ ᠥᠷᠭᠡᠳᠬᠡᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠲᠥᠯᠥᠪᠵᠢᠭᠦᠯᠭᠡ ᠶᠢ ᠲᠡᠭᠦᠯᠳᠡᠷᠵᠢᠭᠦᠯᠬᠦ᠂ ᠵᠢᠱᠢᠶ᠎ᠡ ᠦᠵᠡᠭᠦᠯᠦᠨ ᠳᠠᠭᠠᠭᠤᠯᠬᠤ ᠵᠡᠷᠭᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠢ ᠶᠢᠨ ᠪᠠᠺᠲ᠋ᠧᠷᠢ᠂ ᠤᠢ ᠶᠢᠨ ᠡᠮ᠂ ᠤᠢ ᠶᠢᠨ ᠵᠢᠭᠦᠷᠲᠡᠨ᠂ ᠤᠢ ᠰᠢᠭᠤᠶ ᠶᠢᠨ ᠡᠷᠡᠭᠦᠯᠵᠢᠯ ᠲᠡᠵᠢᠭᠡᠪᠦᠷᠢ ᠵᠡᠷᠭᠡ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠪᠠᠷᠢᠮᠵᠢᠶᠠᠵᠢᠭᠤᠯᠤᠭᠰᠠᠨ ᠲᠠᠷᠢᠵᠤ ᠲᠡᠵᠢᠭᠡᠨ ᠦᠷᠡᠵᠢᠭᠦᠯᠬᠦ᠂ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠡᠳ᠋ ᠪᠠᠷᠠᠭᠠᠨ ᠤ ᠭᠦᠢᠯᠭᠡᠭᠡ ᠶᠢᠨ ᠬᠥᠮᠥᠷᠭᠡᠯᠡᠯᠲᠡ ᠲᠡᠭᠡᠭᠡᠪᠦᠷᠢ ᠶᠢ ᠨᠢᠭᠡ ᠴᠤᠭᠴᠠᠵᠢᠭᠤᠯᠤᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠪᠴᠢᠯᠡᠨ ᠪᠤᠢ ᠪᠣᠯᠭᠠᠵᠤ᠂ ᠤᠢ ᠰᠢᠭᠤᠶ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠ ᠬᠡᠪᠴᠢᠶ᠎ᠡ ᠶᠢ ᠠᠯᠬᠤᠮ ᠠᠯᠬᠤᠮ ᠢᠶᠠᠷ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠯᠤᠰ ᠤᠨ ᠲᠡᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠠᠯᠳᠠᠨ ᠦᠰᠦᠭᠲᠦ ᠫᠠᠶᠢᠰᠠ ᠶᠢ ᠦᠨᠡᠨ ᠬᠦ ᠪᠤᠰᠬᠠᠬᠤ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号