2024 ᠣᠨ ᠤ ᠤᠯᠠᠭᠠᠨᠬᠠᠳᠠ ᠶᠢᠨ ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠭᠤᠤᠯ ᠰᠡᠳᠦᠪᠲᠦ ᠳ᠋ᠧᠩᠯᠦ ᠶᠢᠨ ᠪᠠᠶᠠᠷ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/6
     12 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2024 ᠣᠨ ᠤ ᠤᠯᠠᠭᠠᠨᠬᠠᠳᠠ ᠶᠢᠨ ᠠᠩᠬᠠᠳᠤᠭᠠᠷ ᠬᠤᠭᠤᠴᠠᠭᠠᠨ ᠤ ᠴᠠᠭᠠᠨ ᠰᠠᠷ᠎ᠠ ᠶᠢᠨ ᠭᠤᠤᠯ ᠰᠡᠳᠦᠪᠲᠦ ᠳ᠋ᠧᠩᠯᠦ ᠶᠢᠨ ᠪᠠᠶᠠᠷ ᠤᠨ ᠠᠵᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠲᠤᠰ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠠᠵᠢᠯᠯᠠᠭ᠎ᠠ ᠨᠢ ᠰᠢᠯᠢᠳᠡᠭ ᠤᠯᠠᠮᠵᠢᠯᠠᠯᠲᠤ ᠠᠷᠠᠳ ᠤᠨ ᠵᠠᠩ ᠦᠢᠯᠡ ᠶᠢᠨ ᠰᠣᠶᠣᠯ ᠢ ᠪᠠᠳᠠᠷᠠᠭᠤᠯᠵᠤ᠂ ᠬᠡᠷᠡᠭᠯᠡᠭᠡᠨ ᠤ ᠨᠡᠮᠡᠭᠳᠡᠯ ᠢ ᠠᠬᠢᠭᠤᠯᠵᠤ᠂ ᠬᠠᠷᠠᠴᠢᠨ ᠬᠤᠰᠢᠭᠤᠨ ᠤ ᠤᠨᠴᠠᠯᠢᠬᠳᠤ ᠰᠣᠶᠣᠯ  ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠲᠠᠶ ᠶᠢ ᠡᠷᠬᠢᠮᠯᠡᠨ ᠠᠷᠪᠢᠯᠠᠨ ᠭᠠᠮᠨᠠᠬᠤ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠵᠠᠷᠴᠢᠮ ᠶᠣᠰᠣᠭᠠᠷ᠂ ᠴᠠᠭᠠᠨ ᠰᠠᠷ᠎ᠠ ᠶᠢᠨ ᠳ᠋ᠧᠩᠯᠦ ᠶᠢᠨ ᠪᠠᠶᠠᠷ ᠢ ᠥᠪᠡᠷᠮᠢᠴᠡ ᠣᠨᠴᠠᠯᠢᠭ ᠲᠠᠢ᠂ ᠬᠢᠷᠢ ᠲᠦᠪᠰᠢᠨ ᠲᠠᠢ ᠡᠷᠭᠢᠯᠡᠬᠦ ᠪᠠᠷ ᠴᠢᠷᠮᠠᠶᠢᠵᠤ᠂ ᠠᠷᠠᠳ ᠤᠨ ᠵᠠᠩ ᠦᠢᠯᠡ ᠶᠢᠨ ᠬᠡᠪ ᠰᠤᠷᠲᠠᠯ ᠥᠳᠬᠡᠨ᠂ ᠬᠠᠷᠢᠯᠴᠠᠨ ᠦᠢᠯᠡᠳᠦᠯᠴᠡᠭᠰᠡᠨ ᠲᠥᠷᠥᠭᠳᠡᠯ ᠢᠶᠠᠷ ᠴᠢᠩᠭ᠎ᠠ᠂ ᠦᠨᠳᠦᠷ ᠴᠢᠨᠠᠷ ᠴᠢᠨᠰᠠᠭ᠎ᠠ ᠲᠠᠢ ᠳ᠋ᠧᠩᠯᠦ ᠶᠢᠨ ᠪᠠᠶᠠᠷ ᠤᠨ ᠠᠭᠤᠷ ᠠᠮᠢᠰᠬᠤᠯ ᠢ ᠦᠨᠡᠨᠬᠦ ᠪᠣᠶ ᠪᠣᠯᠭᠠᠬᠤ ᠬᠡᠷᠡᠭᠲᠡᠶ ᠭᠡᠵᠠᠢ᠃     ᠬᠤᠷᠠᠯ ᠠᠴᠠ ᠴᠢᠩᠭᠠᠳᠬᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠴᠢᠳᠠᠪᠬᠢ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠳᠤᠲᠠᠭᠤ ᠶᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠠᠵᠢᠯᠯᠠᠭ᠎ᠠ ᠶᠢᠨ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠭᠤᠣᠯ ᠰᠡᠳᠦᠪᠲᠦ ᠳ᠋ᠧᠩᠯᠦ ᠶᠢᠨ ᠪᠠᠶᠠᠷ ᠤᠨ ᠪᠡᠯᠡᠳᠬᠡᠯ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ᠂ ᠰᠢᠶᠠᠩ ᠪᠠᠯᠭᠠᠰᠤ᠂ ᠱᠠᠩᠬᠠᠢ ᠶᠢᠨ ᠦᠵᠡᠮᠵᠢ ᠶᠢᠨ ᠣᠷᠣᠨ ᠤ ᠬᠤᠭᠤᠷᠣᠨᠳᠣᠬᠢ ᠬᠠᠮᠲᠤᠷᠠᠭᠰᠠᠨ ᠬᠠᠮᠵᠢᠯᠴᠠᠭ᠎ᠠ ᠶᠢ ᠴᠢᠩᠭᠠᠳᠬᠠᠵᠤ᠂ ᠪᠦᠬᠦ᠋ᠢᠯᠡ ᠳ᠋ᠧᠩ ᠤᠨ ᠪᠠᠶᠠᠷ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠳ᠋ᠧᠩ ᠤᠨ ᠪᠠᠶᠠᠷ ᠤᠨ ᠨᠡᠩ ᠪᠣᠳᠠᠲᠠᠢ ᠶᠢ ᠡᠷᠬᠢᠮᠯᠡᠬᠦ᠂ ᠨᠡᠩ ᠥᠨᠳᠥᠷ ᠦᠷ᠎ᠡ ᠠᠰᠢᠭ ᠲᠠᠢ᠂ ᠨᠡᠩ ᠨᠥᠯᠥᠭᠡᠯᠡᠬᠦ ᠬᠦᠴᠦᠨ ᠲᠠᠢ ᠡᠷᠬᠢᠯᠡᠬᠦ ᠪᠠᠷ ᠴᠢᠷᠮᠠᠶᠢᠬᠤ ᠬᠡᠷᠡᠭᠲᠡᠢ᠃ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠭᠠᠯ ᠤᠨᠲᠠᠷᠠᠭᠠᠬᠤ᠂ ᠢᠳᠡᠭᠡᠨ ᠤ ᠵᠦᠢᠯ ᠂ ᠵᠠᠮ ᠬᠠᠷᠢᠯᠴᠠᠭ᠎ᠠ᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠨ᠂ ᠳ᠋ᠧᠩ ᠤᠨ ᠪᠠᠶᠠᠷ ᠤᠨ ᠠᠮᠤᠷ ᠲᠦᠪᠰᠢᠨ ᠪᠥᠭᠡᠳ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠭᠤᠴᠢᠯᠠᠭᠤᠷ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠳ᠋ᠧᠩᠯᠦ ᠶᠢᠨ ᠪᠠᠶᠠᠷ ᠤ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠴᠢᠩᠭᠠᠷᠠᠭᠤᠯᠤᠨ᠂ ᠴᠠᠭᠠᠨ ᠰᠠᠷ᠎ᠠ ᠶᠢᠨ ᠭᠤᠤᠯ ᠰᠡᠳᠦᠪᠲᠦ ᠳ᠋ᠧᠩᠯᠦ ᠶᠢᠨ ᠪᠠᠶᠠᠷ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号