ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ · ᠬᠣᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ ᠦᠨ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠣᠶᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/7
     12 ᠰᠠᠷ᠎ᠠ ᠶᠢᠨ 7 ᠤ ᠦᠳᠡ ᠶᠢᠨ ᠬᠤᠶᠢᠨ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ · ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠤᠶᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠬᠤᠷᠠᠯ ᠡᠷᠭᠢᠯᠡᠵᠦ᠂ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ᠂ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠳᠠᠬᠢ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ 6 ᠬᠦᠷᠢᠶᠡᠨ ᠳᠠᠬᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ︽ᠡᠷᠭᠢᠵᠦ ᠦᠵᠡᠬᠦ︾ ᠠᠵᠢᠯ ᠤᠨ ᠠᠬᠢᠴᠠ ᠪᠠ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠢ ᠮᠡᠳᠡᠭᠳᠡᠪᠡ︔ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠬᠦᠷᠢᠶ᠎ᠡ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠲᠠ ᠶᠢᠨ ᠬᠤᠯᠪᠣᠭᠳᠠᠯ ᠪᠥᠬᠦᠶ ᠪᠠᠶᠢᠳᠠᠯ ᠢ ᠵᠠᠷᠯᠠᠨ ᠮᠡᠳᠡᠭᠳᠡᠪᠡ︔ ᠡᠯ᠎ᠡ ᠬᠤᠯᠪᠣᠭᠳᠠᠯ ᠪᠥᠬᠦᠶ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠳᠡᠳ᠋ ᠬᠤᠰᠢᠭᠤᠨ ᠳᠠᠷᠤᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠵᠠᠷᠯᠠᠨ ᠮᠡᠳᠡᠭᠳᠡᠭᠰᠡᠨ ᠠᠰᠠᠭᠤᠳᠠᠯ ᠤᠨ ᠲᠣᠭᠤᠷᠢᠨ ᠳᠤ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠠ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠣᠯᠤᠨ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠲᠣᠭᠲᠠᠴᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠲᠠᠯ᠎ᠠ ᠪᠠᠷ ᠳᠤᠷᠠᠳᠤᠭᠰᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠂ ᠬᠠᠷᠠᠴᠢᠨ ᠬᠤᠰᠢᠭᠤᠨ ᠤ ᠬᠢᠨ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠬᠠᠮᠲᠤᠷᠠᠭᠰᠠᠨ ᠬᠤᠷᠠᠯ ᠤᠨ ᠲᠦᠷᠢᠮ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠡᠭᠦᠨ ᠢᠶᠠᠷ ᠳᠠᠮᠵᠢᠭᠤᠯᠤᠨ ᠮᠠᠨ ᠤ ᠬᠦᠴᠢᠷ ᠪᠡᠷᠬᠡ ᠶᠢ ᠳᠤᠭᠤᠯᠬᠤ ᠦᠶ᠎ᠡ ᠶᠢᠨ ᠢᠳᠡ ᠬᠦᠴᠦᠨ ᠢ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃     ᠵᠣᠣ ᠶᠠᠨ ᠬᠤᠩ ᠴᠢᠬᠤᠯᠠᠴᠢᠯᠠᠭᠰᠠᠨ ᠨᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠬᠢᠭᠡᠳ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠬᠤᠯᠪᠣᠯᠳᠤᠨ ᠬᠥᠳᠡᠯᠦᠯᠴᠡᠬᠦ ᠶᠢ ᠦᠨᠡᠨ ᠬᠦ ᠪᠠᠲᠤᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠳᠥᠯᠭᠢᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠯᠲᠠ ᠶᠢ ︽ᠨᠢᠭᠡᠳᠦᠭᠡᠷ ᠭᠠᠷ ︾ ᠤᠨ ᠬᠢᠨᠠᠯᠲᠠ᠂ ᠡᠳᠦᠷ ᠲᠤᠳᠤᠮ ᠤᠨ ᠬᠢᠨᠠᠯᠲᠠ ᠪᠠ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠵᠡᠷᠭᠡ ᠨᠡᠩ ᠤᠯᠠᠨ ᠬᠦᠷᠢᠶ᠎ᠡ᠂ ᠨᠡᠩ ᠶᠡᠭᠡ ᠣᠷᠣᠨ ᠵᠠᠢ ᠳᠤ ᠬᠡᠷᠡᠭᠯᠡᠵᠦ᠂ ᠭᠤᠣᠯᠳᠠᠯᠭ᠎ᠠ ᠲᠠᠢ ᠠᠵᠢᠯ ᠪᠣᠯᠤᠨ ᠵᠠᠰᠠᠭ ᠵᠠᠬᠢᠷᠭᠠᠨ ᠤ ᠬᠢᠨᠠᠯᠲᠠ ᠶᠢᠨ ᠠᠵᠢᠯ ᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠲᠣᠬᠢᠷᠠᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠲᠤᠰ ᠤᠳᠠᠭ᠎ᠠ ᠶᠢᠨ ᠵᠠᠷᠯᠠᠨ ᠮᠡᠳᠡᠭᠳᠡᠭᠰᠡᠨ ᠠᠰᠠᠭᠤᠳᠠᠯ ᠤᠨ ᠰᠤᠷᠭᠠᠮᠵᠢ ᠶᠢ ᠭᠦᠢᠴᠡᠳ ᠬᠦᠯᠢᠶᠡᠨ ᠠᠪᠴᠤ᠂ ᠤᠯᠤᠰ ᠲᠦᠷᠦ ᠶᠢᠨ ᠤᠬᠠᠮᠰᠠᠷ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠪᠠ ᠨᠠᠮ ᠤᠨ ᠰᠠᠬᠢᠯᠭ᠎ᠠ ᠪᠠᠲᠤ ᠤᠯᠤᠰ ᠤᠨ ᠬᠠᠤᠯᠢ ᠶᠢᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ ᠵᠥᠪᠳᠡᠯᠴᠡᠨ ᠰᠤᠳᠤᠯᠵᠤ ᠮᠠᠭᠠᠳᠯᠠᠬᠤ᠂ ᠠᠰᠠᠭᠤᠳᠠᠯ ᠢ ᠮᠡᠳᠡᠭᠦᠯᠦᠨ ᠬᠦᠷᠭᠡᠬᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠵᠡᠷᠭᠡ ᠳᠣᠲᠣᠭᠠᠳᠤ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠦᠷ᠎ᠡ ᠳ᠋ᠦᠩ ᠢ ᠬᠠᠷᠢᠭᠤ ᠲᠤᠰᠬᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠵᠡᠷᠭᠡ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠭᠠᠳᠠᠭᠠᠳᠤ ᠲᠠᠢ ᠵᠣᠬᠢᠴᠠᠭᠤᠯᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠢᠨᠠᠯᠲᠠ ᠲᠠᠯᠪᠢᠯᠲᠠ ᠶᠢ ᠨᠡᠪᠲᠡᠷᠡᠭᠦᠯᠬᠦ ᠪᠠ ᠵᠣᠬᠢᠴᠠᠭᠤᠯᠬᠤ ᠠᠵᠢᠯ ᠤᠨ ᠴᠢᠨᠠᠷ ᠴᠢᠨᠰᠠᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠲᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠪᠥᠬᠦ ᠲᠠᠯ᠎ᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号