ᠬᠣᠰᠢᠭᠤᠨ ᠳᠠᠷᠤᠭ᠎ᠠ ᠵᠣᠣ ᠶᠠᠨ ᠬᠣᠩ 2023 ᠣᠨ ᠤ 8 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/7
     12 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2023 ᠣᠨ ᠤ 8 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠠ ᠶᠦᠩ ᠭᠠᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠱᠢ ᡁᠢ ᠯᠢᠶᠠᠩ᠂ ᠳᠡᠳ᠋ ᠬᠣᠰᠢᠭᠤᠨ ᠳᠠᠷᠤᠭ᠎ᠠ ᠪᠢᠴᠢᠭᠲᠦ ᠂ ᠰᠢᠶ᠋ᠸ ᠶᠦᠨ ᠰᠥᠩ᠂ ᠸᠠᠩ ᠴᠢᠦ ᠶᠧ᠂ ᠢᠦᠶ ᠬᠤᠸᠠ ᠶᠠᠨ᠂ ᠵᠤᠸᠠᠩ ᠸᠧᠨ ᠳ᠋ᠢ ᠬᠤᠷᠠᠯ ᠳᠤ ᠣᠷᠣᠯᠴᠠᠪᠠ︔ ᠬᠤᠰᠢᠭᠤᠨ ᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠠ ᠢᠦᠶ ᠬᠦᠶ᠂ ᠬᠤᠰᠢᠭᠤᠨ ᠦ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠵᠢᠩ ᠴᠤᠸᠠᠨ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃     ᠬᠤᠷᠠᠯ ᠠᠴᠠ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭ᠎ᠠ · ᠤᠯᠠᠭᠠᠨᠬᠠᠳᠠ ᠶᠢᠨ ᠣᠯᠠᠨ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠡᠯᠡᠯᠴᠡᠭᠡᠷ᠂ ᠬᠠᠷᠠᠴᠢᠨ ᠬᠤᠰᠢᠭᠤᠨ ᠤ ︽ ᠠᠵᠤ ᠠᠬᠤᠢᠯᠠᠯ ᠠᠷᠠᠳ ᠲᠤ ᠠᠰᠢᠭ ᠬᠦᠷᠲᠡᠭᠡᠵᠦ᠂ ᠡᠳ᠋ ᠪᠠᠷᠠᠭᠠᠨ ᠤ ᠪᠤᠷᠤᠯᠠᠭᠤᠯᠭ᠎ᠠ ᠶᠢ ᠰᠠᠢᠵᠢᠷᠠᠭᠤᠯᠬᠤ ︾ ᠵᠡᠷᠭᠡ ᠬᠦᠳᠡᠯᠭᠡᠭᠡᠨ ᠦ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     ᠬᠤᠷᠠᠯ ᠠᠴᠠ ᠴᠢᠩᠭᠠᠳᠬᠠᠭᠰᠠᠨ ᠨᠢ ᠂ ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ᠂ ᠰᠢᠨ᠎ᠡ ᠵᠢᠯ᠂ ᠴᠠᠭᠠᠨ ᠰᠠᠷ᠎ᠠ ᠵᠡᠷᠭᠡ ᠴᠢᠬᠤᠯᠠ ᠪᠠᠶᠠᠷ ᠳᠤᠷᠠᠰᠬᠠᠯ ᠤᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠵᠤ᠂ ᠦᠨ᠎ᠡ ᠬᠢᠮᠳᠠᠷᠠᠭᠤᠯᠬᠤ᠂ ᠬᠡᠷᠡᠭᠯᠡᠭᠡᠨ ᠤ ᠨᠥᠬᠦᠪᠥᠷᠢ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠡᠷᠡᠭᠯᠡᠭᠡ ᠶᠢ ᠠᠬᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠬᠡᠷᠡᠭᠯᠡᠭᠡᠨ ᠤ ᠠᠭᠤᠷ ᠠᠮᠢᠰᠬᠤᠯ ᠢ ᠰᠠᠢᠵᠢᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠡᠷᠡᠭᠯᠡᠭᠡ ᠶᠢ ᠥᠷᠭᠡᠳᠬᠡᠬᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠪᠦᠬᠦ ᠵᠢᠯ ᠤᠨ ᠬᠤᠷᠰᠢᠶ᠎ᠠ ᠶᠢᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠨ᠎ᠠ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ ᠬᠢᠵᠠᠭᠠᠷᠯᠠᠬᠤ ᠪᠠ ᠥᠯᠢᠭᠡᠷ ᠳᠡᠪᠲᠡᠷ ᠴᠢᠭ ᠢ ᠬᠢᠵᠠᠭᠠᠷᠯᠠᠬᠤ ᠠᠵᠢᠯᠯᠠᠭᠠᠨ ᠢ ᠬᠢᠨᠠᠨ ᠬᠡᠮᠵᠢᠬᠦ᠂ ᠲᠥᠪᠯᠡᠷᠡᠭᠦᠯᠦᠨ ᠳᠣᠭᠢᠷᠠᠭᠤᠯᠬᠤ᠂ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ᠂ ᠴᠠᠭ ᠲᠤᠬᠠᠶ ᠳᠤᠨᠢ ᠭᠠᠷ ᠲᠦᠷᠦᠭᠦ ᠶᠢ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ ᠱᠠᠲᠤᠨ ᠤ ᠠᠵᠤ ᠠᠬᠤᠶᠢᠯᠠᠯ ᠢ ᠪᠤᠶᠢᠵᠢᠭᠤᠯᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠪᠦᠲᠦᠴᠡ ᠶᠢ ᠠᠯᠬᠤᠮ ᠠᠯᠬᠤᠮ ᠢᠶᠠᠷ ᠰᠢᠯᠢᠳᠡᠭᠵᠢᠭᠦᠯᠵᠦ᠂ ᠨᠠᠩ ᠣᠯᠠᠨ ᠠᠵᠤ ᠠᠬᠤᠶᠢᠯᠠᠯ ᠢ ᠨᠢᠭᠡᠳᠬᠡᠬᠦ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠬᠤᠷᠰᠢᠶ᠎ᠠ ᠶᠢᠨ ᠰᠤᠯᠠ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠳᠤ ᠬᠦᠴᠦᠨ ᠴᠢᠳᠠᠯ ᠢᠶᠠᠨ ᠡᠷᠭᠦᠨ᠎ᠡ᠃     ᠬᠤᠷᠠᠯ ᠠᠴᠠ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠶ ᠰᠡᠳᠦᠪᠲᠦ ᠰᠤᠷᠤᠯᠴᠠᠯᠭ᠎ᠠ ᠰᠤᠳᠤᠯᠭ᠎ᠠ ᠥᠷᠨᠢᠭᠦᠯᠵᠦ᠂ ︽2023 ᠣᠨ ᠤ ᠬᠠᠷᠠᠴᠢᠨ ᠬᠤᠰᠢᠭᠤᠨ ᠤ ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠲᠥᠰᠦᠯ︾ ︽ᠬᠠᠷᠠᠴᠢᠨ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠢᠷᠤᠮ ᠤᠨ ᠲᠣᠭᠲᠠᠭᠠᠯ︾᠂ ᠬᠠᠷᠠᠴᠢᠨ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠪᠠᠶᠢᠳᠠᠯ᠂ ︽ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠤᠯᠢᠮᠫᠢᠺ ᠤᠨ ᠤᠷᠤᠯᠳᠤᠭᠠᠨ︾ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠵᠡᠷᠭᠡ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃     ᠬᠤᠷᠠᠯ ᠠᠴᠠ ᠡᠮᠦᠨ᠎ᠡ᠂ ᠵᠣᠣ ᠶᠠᠨ ᠬᠤᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠲᠥᠪᠯᠡᠷᠡᠭᠦᠯᠦᠨ ᠰᠤᠷᠤᠯᠴᠠᠭᠰᠠᠨ ᠪᠥᠭᠡᠳ ︽ᠭᠤᠷᠪᠠᠨ ᠴᠢᠬᠤᠯᠠ ᠨᠢᠭᠡ ᠶᠡᠭᠡ︾ ᠵᠦᠢᠯᠡᠰ  ᠢ ᠰᠤᠳᠤᠯᠤᠨ ᠬᠢᠨᠠᠨ ᠵᠥᠪᠯᠡᠪᠡ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号