ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/8
     12 ᠰᠠᠷ᠎ᠠ ᠶᠢᠨ 8 ᠤ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠣᠣ ᠶᠠᠨ ᠬᠤᠩ᠂ ᠲᠤᠤ ᠮᠤᠩ ᠬᠤᠩ᠂ ᠸᠠᠩ ᠯᠢ ᠭᠦᠸᠧ᠂ ᠵᠦ᠋ ᠬᠤᠩ ᠲᠦ᠋᠂ ᠯᠢᠦ ᠬᠠᠶ ᠮᠧᠶ᠂ ᠯᠢᠦᠶ ᠬᠠᠶ ᠳ᠋ᠦᠩ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠰᠤᠷᠭᠠᠭᠤᠯᠢ ᠳᠤ ᠣᠷᠣᠯᠴᠠᠭᠰᠠᠨ ᠨᠢᠭᠡᠴᠢ ᠪᠣᠯᠤᠨ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠱᠠᠲᠤᠨ ᠤ ᠴᠢᠬᠤᠯᠠ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠥᠷᠪᠡᠨ ︽ᠰᠤᠷᠤᠯᠴᠠᠬᠤ︾᠂ ᠲᠠᠪᠤ ᠶᠢ ︽ᠨᠡᠩ ᠴᠢᠬᠤᠯᠠᠴᠢᠯᠠᠬᠤ︾᠂ ᠭᠤᠷᠪᠠ ᠶᠢ ︽ᠦᠨᠡᠨ ᠪᠣᠳᠠᠲᠠᠶ︾ ᠪᠣᠯᠭᠠᠬᠤ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠨ ᠱᠣᠤ ᠴᠧᠩ ᠱᠦᠵᠢ᠂ ᠬᠤᠲᠠ ᠶᠢᠨ ᠨᠠᠮ ᠤᠨ ᠬᠤᠷᠢᠶ᠎ᠠ ᠶᠢᠨ ᠸᠠᠨ ᠴᠤᠤ ᠴᠢ ᠱᠦᠵᠢ ᠶᠢᠨ ᠪᠣᠳᠠᠲᠠᠶ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠤᠰᠢᠭᠤᠨ ᠤ ᠨᠡᠶᠢᠲᠡᠯᠡᠭᠰᠡᠨ ᠭᠤᠤᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠦᠯ ᠲᠠᠢ ᠬᠠᠷᠢᠴᠠᠭᠤᠯᠤᠨ᠂ ᠦᠳᠲᠡᠷ ᠲᠦᠷᠭᠡᠨ ᠬᠥᠳᠡᠯᠦᠯᠴᠡᠵᠦ᠂ ᠳᠤᠲᠠᠭᠤᠳᠠᠯ ᠢ ᠪᠠᠶᠢᠴᠠᠭᠠᠨ ᠳᠤᠲᠠᠭᠳᠠᠯ ᠢ ᠨᠥᠬᠦᠪᠥᠷᠢᠯᠡᠵᠦ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠠᠷᠭ᠎ᠠ ᠬᠡᠯᠪᠡᠷᠢ ᠶᠢ ᠦᠷᠭᠦᠯᠵᠢᠯᠡᠨ ᠰᠢᠯᠢᠳᠡᠭᠵᠢᠭᠦᠯᠦᠨ ᠠᠬᠢᠭᠤᠯᠵᠤ᠂ ᠨᠢᠭᠡ ᠨᠢᠭᠡ ᠠᠯᠬᠤᠮ ᠢᠶᠠᠷ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠬᠢᠵᠦ᠂ ᠪᠣᠳᠠᠲᠠᠶ ᠳᠤ ᠨᠠᠶᠢᠳᠠᠪᠤᠷᠢᠵᠢᠭᠤᠯᠤᠨ᠎ᠠ ᠭᠡᠵᠠᠢ᠃     ᠬᠤᠷᠠᠯ ᠠᠴᠠ ᠴᠢᠩᠭᠠᠳᠬᠠᠭᠰᠠᠨ ᠨᠢ᠂ ᠵᠢᠮ᠎ᠡ ᠶᠣᠰᠣᠨ ᠤ ᠣᠨᠴᠠᠯᠢᠭ ᠢ ᠴᠢᠨᠠᠭᠰᠢᠳᠠ ᠡᠵᠡᠮᠳᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠴᠢᠩᠭᠠᠳᠬᠠᠵᠤ ᠂ ᠨᠣᠮ ᠪᠢᠴᠢᠭ ᠤᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠪᠤᠶᠠᠨ ᠦᠢᠯᠡᠳᠴᠦ᠂ ᠤᠶᠤᠨ ᠴᠢᠳᠠᠯ ᠢᠶᠠᠨ ᠪᠣᠳᠠᠲᠠᠢ ᠶᠠᠪᠤᠳᠠᠯ ᠬᠢᠬᠦ ᠳᠡᠭᠡᠷ᠎ᠡ ᠲᠠᠯᠪᠢᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡᠬᠦ ᠭᠠᠷᠳᠠᠴᠠ ᠶᠢ ᠰᠠᠶᠢᠲᠤᠷ ᠠᠰᠢᠭᠯᠠᠵᠤ᠂ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠤᠨ ᠲᠦᠷᠦᠯ ᠵᠦᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠦᠨᠡᠨ ᠪᠣᠳᠠᠲᠠᠢ ᠠᠰᠠᠭᠤᠳᠠᠯ ᠢ ᠬᠦᠨᠳᠡᠵᠤ ᠴᠡᠭᠴᠡᠯᠡᠨ ᠰᠠᠶᠢᠵᠢᠷᠠᠭᠤᠯᠬᠤ ᠶᠢ ᠪᠠᠶᠢᠴᠠᠭᠠᠨ ᠦᠵᠡᠵᠦ᠂ ᠠᠰᠠᠭᠤᠳᠠᠯ ᠢ ᠪᠠᠶᠢᠴᠠᠭᠠᠨ ᠦᠵᠡᠬᠦ ᠶᠢ ᠰᠠᠶᠢᠲᠤᠷ ᠠᠳᠬᠤᠵᠤ᠂ ᠠᠰᠠᠭᠤᠳᠠᠯ ᠤᠨ ᠨᠠᠷᠢᠨ ᠬᠠᠭᠤᠳᠠᠰᠤ ᠪᠠ ᠤᠯᠠᠨ ᠲᠦᠮᠡᠨ ᠤ ᠲᠤᠰᠬᠠᠭᠰᠠᠨ ᠲᠥᠪᠯᠡᠷᠡᠯ ᠤᠨ ᠴᠡᠭ ᠬᠦᠴᠢᠷ ᠠᠰᠠᠭᠤᠳᠠᠯ ᠲᠠᠢ ᠬᠠᠷᠢᠴᠠᠭᠤᠯᠵᠤ᠂ ᠥᠪᠡᠷ ᠤᠨ ᠪᠡᠶ᠎ᠡ ᠶᠢᠨ ᠠᠰᠠᠭᠤᠳᠠᠯ ᠢᠶᠠᠨ ᠲᠠᠬᠢᠨ ᠨᠢᠭᠡ ᠤᠳᠠᠭ᠎ᠠ ᠡᠮᠬᠢᠯᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠬᠦᠴᠦ ᠨᠡᠮᠡᠵᠦ ᠰᠠᠶᠢᠲᠤᠷ ᠠᠳᠬᠤᠬᠤ ᠬᠡᠷᠡᠭᠲᠡᠢ᠃ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠦᠨᠡᠨᠬᠦ ᠰᠠᠶᠢᠲᠤᠷ ᠠᠳᠬᠤᠵᠤ᠂ ᠤᠳᠤᠷᠢᠳᠬᠤ ᠺᠠᠳ᠋ᠷ ᠠᠰᠠᠭᠤᠳᠠᠯ ᠢ ᠢᠯᠡᠭᠦᠬᠡᠨ ᠰᠤᠳᠤᠯᠵᠤ᠂ ᠰᠠᠨᠠᠯ ᠢᠶᠠᠨ ᠢᠯᠡᠭᠦᠬᠡᠨ ᠳᠤᠷᠠᠳᠴᠤ᠂ ︽ᠮᠢᠨᠦ ᠢᠯᠡᠷᠡᠭᠦᠯᠦᠭᠰᠡᠨ ᠠᠰᠠᠭᠤᠳᠠᠯ ᠢ ᠪᠢ ᠰᠢᠢᠳᠪᠦᠷᠢᠯᠡᠬᠦ︾ ︽ᠮᠢᠨᠦ ᠬᠢᠭᠰᠡᠨ ᠪᠠᠶᠢᠴᠠᠭᠠᠨ ᠰᠤᠳᠤᠯᠤᠯᠲᠠ ᠶᠢ ᠪᠢ ᠠᠬᠢᠭᠤᠯᠬᠤ︾ ᠤᠬᠠᠮᠰᠠᠷ ᠢ ᠪᠠᠲᠤ ᠪᠤᠢ ᠪᠣᠯᠭᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠠᠢ᠃     ᠬᠤᠷᠠᠯ ᠠᠴᠠ ᠴᠢᠩᠭᠠᠳᠬᠠᠭᠰᠠᠨ  ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠪᠣᠯᠤᠨ ᠡᠯ᠎ᠡ ᠵᠦᠢᠯ ᠤᠨ ᠠᠵᠢᠯ ᠤᠨ ᠭᠦᠨᠵᠡᠭᠡᠢ ᠠᠭᠤᠰᠤᠯᠴᠠᠯ ᠢ ᠪᠦᠲᠦᠮᠵᠢᠲᠡᠢ ᠠᠬᠢᠭᠤᠯᠬᠤ ᠬᠡᠷᠡᠭᠲᠡᠢ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠡᠯ᠎ᠡ ᠦᠨᠳᠦᠰᠦᠲᠡᠨ ᠤ ᠣᠯᠠᠨ ᠲᠦᠮᠡᠨ ᠳᠤ ᠲᠣᠳᠣᠷᠬᠠᠶ ᠶᠠᠷᠢᠵᠤ᠂ ᠲᠣᠳᠣᠷᠬᠠᠶ ᠶᠠᠷᠢᠵᠤ ᠥᠭᠬᠦ ᠬᠡᠷᠡᠭᠲᠡᠶ︔ ᠠᠷᠠᠳ ᠲᠤ ᠠᠰᠢᠭ ᠬᠦᠷᠲᠡᠭᠡᠬᠦ ᠲᠠᠩᠰᠠ ᠶᠢ ᠰᠠᠶᠢᠲᠤᠷ ᠪᠤᠳᠤᠵᠤ᠂ ᠡᠯ᠎ᠡ ᠦᠨᠳᠦᠰᠦᠲᠡᠨ ᠤ ᠣᠯᠠᠨ ᠲᠦᠮᠡᠨ ᠢ ᠨᠠᠮ ᠤᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠣᠪ ᠲᠣᠳᠣᠷᠬᠠᠶ ᠪᠣᠯᠭᠠᠬᠤ ᠬᠡᠷᠡᠭᠲᠡᠶ︔ ᠪᠣᠳᠠᠲᠠᠢ ᠶᠠᠪᠤᠳᠠᠯ ᠢ ᠪᠣᠳᠠᠲᠠᠢ ᠬᠢᠵᠦ᠂ ᠪᠠᠭ᠎ᠠ ᠶᠠᠪᠤᠳᠠᠯ ᠤᠳ ᠢ ᠰᠠᠶᠢᠲᠤᠷ ᠬᠢᠬᠦ ᠪᠠᠷ ᠳᠠᠮᠵᠢᠭᠤᠯᠵᠤ᠂ ᠪᠣᠳᠠᠲᠠᠢ ᠶᠠᠪᠤᠳᠠᠯ ᠢᠶᠠᠷ ᠠᠷᠠᠳ ᠤᠯᠠᠨ ᠤ ᠰᠡᠳᠬᠢᠯ ᠢ ᠤᠯᠬᠤ ᠬᠡᠷᠡᠭᠲᠡᠢ᠃ ᠪᠥᠬᠦ ᠵᠢᠯ ᠤᠨ ᠬᠠᠷᠠᠯᠲᠠ ᠲᠠᠢ ᠬᠠᠷᠢᠴᠠᠭᠤᠯᠤᠨ ᠵᠢᠯ ᠤᠨ ᠡᠴᠦᠰ ᠦᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠢᠭᠡᠨᠲᠡ ᠪᠡᠶᠡᠯᠡᠭᠦᠯᠦᠭᠰᠡᠨ ᠠᠵᠢᠯ ᠢᠶᠠᠨ ᠰᠠᠶᠢᠲᠤᠷ ᠳ᠋ᠦᠩᠨᠡᠵᠦ᠂ ᠴᠠᠭ ᠲᠤᠬᠠᠶ ᠳᠤᠨᠢ ᠲᠠᠩᠰᠠ ᠮᠡᠳᠡᠭᠦᠯᠵᠦ᠂ ᠣᠯᠵᠤ ᠮᠡᠳᠡᠭᠰᠡᠨ ᠠᠰᠠᠭᠤᠳᠠᠯ ᠢᠶᠠᠨ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠡᠶᠡᠯᠡᠭᠦᠯᠦᠭᠡᠳᠦᠶ ᠠᠵᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠶ᠃ ᠢᠷᠡᠬᠦ ᠵᠢᠯ ᠤᠨ ᠡᠯ᠎ᠡ ᠵᠦᠢᠯ ᠤᠨ ᠠᠵᠢᠯ ᠢᠶᠠᠨ ᠡᠷᠲᠡ ᠠᠴᠠ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠤᠨ ᠥᠨᠳᠥᠷ ᠴᠡᠭ ᠠᠴᠠ ᠡᠬᠢᠯᠡᠵᠦ᠂ ᠤᠷᠤᠭᠰᠢᠲᠠᠢ ᠡᠬᠢᠯᠡᠬᠦ ᠶᠢ ᠪᠠᠲᠤᠯᠠᠬᠤ ᠬᠡᠷᠡᠭᠲᠡᠢ ᠭᠡᠵᠠᠢ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ᠋ ᠬᠤᠩ ᠲᠦ᠋ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠢ ᠳᠥᠯᠭᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号