ᠵᠣᠣ ᠶᠠᠨ ᠬᠤᠩ ᠬᠠᠷᠠᠴᠢᠨ ᠬᠤᠰᠢᠭᠤ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠦᠯᠦᠭᠯᠡᠯ ᠤᠨ ᠠᠭᠠᠷ ᠤᠨ ᠭᠠᠷᠠᠮ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/1
     2 ᠳ᠋ᠤᠭᠠᠷ ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠣᠣ ᠶᠠᠨ ᠬᠤᠩ ᠮᠠᠨ ᠤ ᠬᠤᠰᠢᠭᠤ ᠪᠣᠯᠤᠨ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠭᠠᠷ ᠤᠨ ᠭᠠᠷᠠᠮ ᠤᠨ ᠪᠠᠷᠠᠭᠠᠨ ᠤ ᠭᠦᠶ᠋ᠯᠭᠡᠭᠡᠨ ᠤ ᠬᠦᠷᠢᠶᠡᠯᠡᠩ ᠲᠣᠭᠤᠷᠢᠭ ᠤᠨ ᠲᠥᠷᠥᠯ ᠵᠦᠶ᠋ᠯ ᠢ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢ ᠰᠢᠤ ᠴᠢᠤᠸᠠᠨ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ ᠮᠥᠩᠭᠦᠨ ᠭᠦᠶ᠋ᠯᠭᠡᠭᠡᠨ ᠤ ᠪᠠᠯᠠ ᠣᠷᠣᠭᠤᠯᠤᠯᠲᠠ ᠶᠢᠨ ᠲᠣᠪᠴᠢᠶ᠎ᠠ᠂ ᠾᠧ ᠮᠧᠶ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠬᠠᠷᠢᠭᠤᠴᠠᠯᠭᠠᠲᠠᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠠᠯᠠ ᠣᠷᠣᠭᠤᠯᠤᠯᠲᠠ ᠶᠢᠨ ᠲᠥᠯᠥᠪᠯᠡᠭᠡ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠠᠳ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠶᠡᠷᠦᠩᠬᠡᠶ ᠲᠠᠯᠠᠪᠠᠶ ᠨᠢ 3120 ᠮᠥ ᠪᠠᠶᠢᠵᠤ᠂ ᠳ᠋ᠠ ᠭᠤᠸᠠᠩ ᠦᠨᠳᠦᠷ ᠬᠤᠷᠳᠤᠴᠠᠲᠤ ᠵᠠᠰᠠᠮᠠᠯ ᠵᠠᠮ ᠠᠴᠠ 1 . 5 ᠺᠢᠯᠣᠮᠧᠲᠷ ᠵᠠᠶᠢᠲᠠᠶ ᠪᠠᠶᠢᠵᠤ᠂ ᠤᠯᠠᠭᠠᠨᠬᠠᠳᠠ ᠶᠢᠨ ᠢᠥᠢ ᠯᠥᠩ ᠨᠢᠰᠬᠡᠯ ᠤᠨ ᠪᠠᠭᠤᠳᠠᠯ ᠠᠴᠠ 8 ᠺᠢᠯᠣᠮᠧᠲᠷ ᠵᠠᠶᠢᠲᠠᠶ ᠪᠠᠶᠢᠳᠠᠭ᠃ ᠨᠢᠭᠡᠳᠦᠭᠡᠷ ᠬᠤᠭᠤᠴᠠᠭᠠᠨ ᠤ ᠲᠥᠯᠥᠪᠵᠢᠭᠦᠯᠭᠡ ᠳᠤ 350 ᠮᠦ ᠰᠢᠬᠠᠮ ᠭᠠᠵᠠᠷ ᠢ ᠡᠵᠡᠯᠡᠵᠦ᠂ ᠲᠦᠷᠦᠯ ᠵᠦᠢᠯ ᠢ ᠡᠬᠢᠯᠡᠭᠦᠯᠬᠦ ᠣᠷᠣᠨ ᠪᠣᠯᠭᠠᠵᠤ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠬᠢᠨ ᠪᠠᠰᠠ ᠣᠲᠣ ᠶᠢᠨ ᠪᠠᠶᠢᠭ᠎ᠠ ᠲᠡᠮᠦᠷ ᠵᠠᠮ ᠤᠨ ᠲᠤᠰᠬᠠᠶ ᠱᠤᠭᠤᠮ ᠳᠤ ᠲᠦᠰᠢᠭᠯᠡᠨ᠂ ᠬᠥᠮᠥᠷᠭᠡᠯᠡᠨ ᠬᠠᠳᠠᠭᠠᠯᠠᠵᠤ ᠬᠤᠪᠢᠶᠠᠨ ᠰᠠᠯᠭᠠᠬᠤ᠂ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ᠂ ᠪᠠᠷᠠᠭᠠᠨ ᠤ ᠭᠦᠢᠯᠭᠡᠭᠡ ᠶᠢ ᠪᠣᠯᠪᠠᠰᠤᠷᠠᠭᠤᠯᠬᠤ᠂ ᠮᠡᠳᠡᠭᠡ ᠵᠠᠩᠭᠢ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠣᠳᠣᠬᠠᠨ ᠪᠣᠯᠲᠠᠯ᠎ᠠ᠂ ᠮᠠᠨ ᠤ ᠬᠤᠰᠢᠭᠤ ᠪᠠᠷᠤᠭ 2000 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠠᠮ᠂ ᠤᠰᠤ ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠵᠡᠷᠭᠡ ᠢᠵᠢ ᠪᠥᠷᠢᠳᠦᠭᠰᠡᠨ ᠬᠤᠭᠤᠯᠠᠶ ᠶᠢᠨ ᠲᠤᠤᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠪᠡ᠃ ᠮᠠᠨ ᠤ ᠬᠤᠰᠢᠭᠤ ᠠᠵᠤ ᠠᠬᠤᠶᠢᠯᠠᠯ ᠤᠨ ᠲᠥᠷᠥᠯ ᠵᠦᠢᠯ ᠢ ᠠᠬᠢᠭᠤᠯᠬᠤ ᠶᠢ ᠬᠦᠴᠦᠲᠡᠢ ᠳᠠᠮᠵᠢᠵᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠦᠢᠯᠡᠴᠢᠯᠡᠭᠡᠨ ᠤ ᠪᠠᠲᠤᠯᠠᠭ᠎ᠠ ᠶᠢ ᠤᠷᠢᠳᠠᠪᠠᠷ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠬᠢᠴᠠ ᠶᠢ ᠲᠦᠷᠭᠡᠳᠬᠡᠨ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢᠨ ᠲᠥᠯᠥᠭᠡ ᠢᠳᠡᠪᠬᠢᠲᠡᠢ ᠴᠢᠷᠮᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号