ᠬᠠᠷᠠᠴᠢᠨ ᠬᠤᠰᠢᠭᠤ 2023 ᠣᠨ ᠤ ︽ᠤᠯᠠᠭᠠᠨᠬᠠᠳᠠ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢᠨ ᠬᠦᠳᠡᠯᠭᠡᠭᠡᠨ︾ ᠶᠢ ᠦᠪᠡᠳᠡᠭᠰᠢ ᠶᠡᠭᠡ ᠪᠠᠷ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/2/11
     ᠶᠡᠷᠦᠩᠬᠡᠶ ᠱᠦᠵᠢ ᠰᠢ ᠶᠢᠨ ᠫᠢᠩ ᠤᠨ ︽ᠣᠯᠠᠨ ᠲᠦᠮᠡᠨ ᠤ ᠪᠡᠶ᠎ᠡ ᠶᠢᠨ ᠲᠠᠮᠢᠷ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ︾ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠥᠷᠭᠡᠨ ᠣᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠳᠬᠠᠵᠤ᠂ ᠮᠠᠨ ᠤ ᠤᠯᠤᠰ ᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠣᠯᠠᠨ ᠤᠯᠤᠰ ᠤᠨ ᠥᠷᠢᠰᠥᠯᠳᠦᠬᠦ ᠬᠦᠴᠦᠨ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠯᠬᠤᠴᠠ ᠶᠢ ᠲᠦᠷᠭᠡᠳᠬᠡᠬᠦ ︾ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠤᠯᠠᠭᠠᠨᠬᠠᠳᠠ ᠬᠤᠲᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ︽123466︾ ᠶᠡᠷᠦᠩᠬᠡᠶᠢᠯᠡᠭᠰᠡᠨ ᠢᠨᠵᠧᠨᠧᠷᠢᠩ ᠤᠨ ᠶᠡᠷᠦᠩᠬᠡᠶ ᠰᠡᠳᠬᠢᠮᠵᠢ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ 2 ᠰᠠᠷ᠎ᠠ ᠶᠢᠨ 7 ᠠᠴᠠ 10 ᠤ ᠡᠳᠦᠷ ᠪᠣᠯᠲᠠᠯ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠬᠤᠰᠢᠭᠤᠨ ᠤ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠨᠡᠶᠢᠭᠡᠮᠯᠢᠭ ᠠᠴᠠ ᠳᠠᠭᠠᠭᠠᠨ ᠡᠷᠭᠢᠯᠡᠭᠰᠡᠨ 2023 ᠣᠨ ᠤ ︽ᠤᠯᠠᠭᠠᠨᠬᠠᠳᠠ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠳᠡᠯᠭᠡᠭᠡᠨ ︾ ᠬᠤᠰᠢᠭᠤᠨ ᠤ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠥᠪ᠂ ᠴᠢᠩ ᠹᠧᠩ ᠰᠢᠲᠠᠷ᠎ᠠ ᠶᠢᠨ ᠬᠦᠷᠢᠶᠡᠯᠡᠩ ᠪᠠ ᠮᠧᠶ ᠯᠢᠨ ᠬᠥ᠋ ᠶᠢᠨ ᠴᠠᠰᠤᠨ ᠳᠤ ᠭᠤᠯᠭᠤᠬᠤ ᠲᠠᠯᠠᠪᠤᠷ ᠳᠤ ᠵᠠᠯᠭᠠᠭ᠎ᠠ ᠪᠠᠷ ᠶᠠᠪᠤᠭᠳᠠᠪᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠡᠭᠦᠳᠡᠨ ᠪᠥᠮᠪᠦᠭᠡ᠂ ᠫᠢᠩᠫᠠᠩ ᠪᠥᠮᠪᠦᠭᠡ᠂ ᠴᠢᠴᠢᠭᠦᠷ ᠪᠥᠮᠪᠦᠭᠡ᠂ ᠬᠦᠵᠦᠷ ᠂ ᠬᠥᠭᠦᠷᠭᠡᠨ ᠫᠠᠢ᠂ ᠳᠤᠮᠳᠠᠳᠤ ᠤᠯᠤᠰ ᠤᠨ ᠰᠢᠲᠠᠷ᠎ᠠ᠂ ᠮᠢᠭᠮᠠᠨ ᠪᠠ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠡᠪᠦᠯ ᠤᠨ ᠤᠯᠠᠷᠢᠯ ᠤᠨ ᠵᠤᠰᠠᠯᠠᠩ ᠵᠡᠷᠭᠡ ᠨᠠᠢ᠌ᠮᠠᠨ ᠲᠥᠷᠥᠯ ᠵᠦᠢᠯ ᠢ ᠲᠣᠬᠢᠷᠠᠭᠤᠯᠪᠠ᠃ ᠠᠵᠢᠯᠯᠠᠭ᠎ᠠ ᠶᠢᠨ ᠶᠠᠪᠤᠴᠠ ᠳᠤ᠂ ᠥᠷᠭᠡᠨ ᠣᠯᠠᠨ ᠢᠳᠡᠷ ᠥᠲᠡᠯᠦᠭᠡ ᠨᠠᠰᠤᠨ ᠤ ᠣᠯᠠᠨ ᠲᠦᠮᠡᠨ ᠪᠠ ᠵᠠᠯᠠᠭᠤ ᠪᠠᠭ᠎ᠠ ᠰᠤᠷᠤᠭᠴᠢᠳ ᠢᠳᠡᠪᠬᠢᠲᠡᠶ ᠪᠠᠷ ᠨᠡᠷ᠎ᠡ ᠮᠡᠳᠡᠭᠦᠯᠵᠦ᠂ ᠢᠳᠡᠪᠬᠢᠲᠡᠶ ᠣᠷᠣᠯᠴᠠᠵᠤ᠂ ᠬᠢᠨᠠᠭᠴᠢ ᠲᠥᠪ ᠭᠤᠤᠯᠴᠢ ᠪᠠᠶᠢᠵᠤ᠂ ᠲᠠᠮᠢᠷᠴᠢᠳ ᠵᠣᠷᠢᠭᠲᠠᠶ ᠪᠠᠷ ᠡᠷᠡᠯᠬᠡᠭᠯᠡᠨ ᠲᠡᠮᠡᠴᠡᠵᠦ᠂ ᠡᠯ᠎ᠡ ᠵᠦᠢᠯ ᠤᠨ ᠠᠵᠢᠯᠯᠠᠭ᠎ᠠ ᠳᠤ ᠴᠤᠭ ᠪᠠᠳᠠᠷᠠᠩᠭᠤᠶ ᠥᠭᠡᠳᠡᠯᠡᠨ ᠳᠠᠪᠰᠢᠬᠤ᠂ ᠢᠳᠡᠪᠬᠢᠲᠡᠶ ᠬᠥᠭᠵᠢᠶᠡᠨᠲᠡᠶ ᠥᠳᠬᠡᠨ ᠵᠤᠵᠠᠭᠠᠨ ᠠᠭᠤᠷ ᠠᠮᠢᠰᠬᠤᠯ ᠢᠯᠡᠷᠡᠪᠡ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 2200 ᠭᠠᠷᠤᠢ ᠲᠠᠮᠢᠷᠴᠢᠨ᠂ ᠠᠵᠢᠯᠳᠠᠨ ᠣᠷᠣᠯᠴᠠᠪᠠ᠃     ᠲᠤᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠲᠥᠯᠥᠪᠯᠡᠭᠡ ᠶᠢ ᠲᠤᠤᠱᠯᠠᠭᠤᠯᠤᠨ ᠬᠡᠷᠡᠭᠵᠢᠭᠦᠯᠵᠦ᠂ ᠤᠯᠠᠭᠠᠨᠬᠠᠳᠠ ᠬᠤᠳᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠢᠨᠵᠧᠨᠧᠷᠢᠩ ᠢ ᠨᠠᠶᠢᠳᠠᠪᠤᠷᠢᠵᠢᠭᠤᠯᠵᠤ᠂ ᠠᠷᠠᠳ ᠤᠯᠠᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠨᠴᠠᠯᠢᠬᠳᠤ ᠤᠷᠤᠯᠳᠤᠭᠠᠨ ᠤ ᠠᠵᠢᠯᠯᠠᠭ᠎ᠠ ᠶᠢ ᠪᠤᠢ ᠪᠣᠯᠭᠠᠵᠤ᠂ ᠡᠯ᠎ᠡ ᠲᠦᠷᠦᠯ ᠤᠨ ᠪᠡᠶ᠎ᠡ ᠶᠢᠨ ᠲᠠᠮᠢᠷ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ᠂ ᠵᠤᠭᠠᠴᠠᠯ᠂ ᠲᠥᠯᠥᠪᠵᠢᠭᠦᠯᠭᠡ᠂ ᠬᠤᠳᠠ ᠶᠢᠨ ᠪᠦᠳᠦᠭᠡᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︿ᠵᠢᠷᠭᠤᠭ᠎ᠠ ᠶᠢ ᠠᠭᠤᠰᠤᠯᠴᠠᠭᠤᠯᠬᠤ﹀ ᠶᠢ ᠪᠡᠶᠡᠯᠡᠭᠦᠯᠬᠦ‍ ᠨᠢᠭᠡ ᠤᠳᠠᠭ᠎ᠠ ᠶᠢᠨ ᠪᠣᠳᠠᠲᠠᠢ ᠦᠢᠯᠡᠳᠦᠯᠭᠡ ᠪᠠᠢᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠥᠷᠭᠡᠨ ᠤᠯᠠᠨ ᠲᠦᠮᠡᠨ ᠤ ᠬᠠᠮᠲᠤ ᠶᠢᠨ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ︾ ᠭᠡᠵᠦ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠯᠢᠦ ᠯᠠᠶ ᠯᠢ ᠢᠯᠡᠳᠬᠡᠪᠡ᠃     ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠥᠷᠥᠯ ᠵᠦᠢᠯ ᠂ ᠪᠠᠯᠠ ᠮᠥᠩᠭᠦ᠂ ᠤᠷᠤᠯᠳᠤᠭᠠᠨ ᠢ ᠲᠡᠮᠡᠴᠡᠨ ᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠥᠬᠦ ᠬᠤᠰᠢᠭᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠦᠢᠯᠡᠰ ᠤᠨ ᠥᠷᠨᠢᠩᠭᠦᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号