ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠪᠦᠯᠬᠦᠮ ᠳᠠᠭᠠᠭᠤᠯᠤᠨ ᠭᠤᠸᠠᠩᠳᠦ᠋ᠩ ᠤᠨ ᠯᠢᠨ ᠵᠥᠩ ᠪᠦᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠦᠩᠱᠠᠨ ᠬᠤᠲᠠ ᠶᠢᠨ ᠯᠢᠦᠶ ᠮᠢᠩ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/12
     2 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠦᠯᠬᠦᠮ ᠳᠠᠭᠠᠭᠤᠯᠤᠨ ᠤᠷᠢᠳ ᠬᠤᠵᠢᠳ ᠭᠤᠸᠠᠩᠳᠦ᠋ᠩ ᠤᠨ ᠯᠢᠨ ᠵᠥᠩ ᠪᠦᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠦᠩᠱᠠᠨ ᠬᠤᠲᠠ ᠶᠢᠨ ᠯᠢᠦᠶ ᠮᠢᠩ ᠬᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠢᠳᠡᠭᠡᠨ ᠪᠠ ᠡᠮ ᠤᠨ ᠬᠡᠷᠡᠭᠯᠡᠭᠡᠨ ᠤ ᠪᠠᠺᠲ᠋ᠧᠷᠢ ᠶᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ ᠰᠤᠳᠤᠯᠤᠨ ᠦᠢᠯᠡᠳᠬᠦ ᠵᠡᠷᠭᠡ ᠬᠦᠷᠢᠶᠡᠨ ᠳᠤ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠳᠥᠯᠭᠢᠨ ᠠᠬᠢᠭᠤᠯᠵᠤ ᠰᠢᠨ᠎ᠡ ᠦᠷ᠎ᠡ ᠪᠦᠲᠦᠮᠵᠢ ᠤᠯᠪᠠ᠃     ᠭᠤᠸᠠᠩᠳᠦ᠋ᠩ ᠤᠨ ᠯᠢᠨ ᠵᠦᠩ ᠪᠦᠦ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠹᠠᠩ ᠷᠦᠢ ᠵᠡᠷᠭᠡ ᠬᠦᠮᠦᠰ ᠯᠢᠨ ᠵᠦᠩ ᠪᠦᠦ ᠡᠮ ᠳᠤ ᠬᠡᠷᠡᠭᠯᠡᠬᠦ ᠪᠠᠺᠲ᠋ᠧᠷᠢ ᠶᠢᠨ ᠰᠤᠳᠤᠯᠭᠠᠨ ᠤ ᠭᠠᠵᠠᠷ ᠵᠢᠴᠢ ᠦᠢᠯᠡᠳᠬᠦᠨ ᠪᠣᠯᠪᠠᠰᠤᠷᠠᠭᠤᠯᠬᠤ ᠦᠢᠯᠡᠳᠪᠦᠷᠢ ᠶᠢᠨ ᠲᠠᠰᠤᠭ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠳᠠᠷᠠᠭ᠎ᠠ ᠨᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠢ ᠰᠢᠭᠤᠢ ᠶᠢᠨ ᠠᠵᠤ ᠠᠬᠤᠢ ᠶᠢᠨ ᠠᠵᠤ ᠦᠢᠯᠡᠰ ᠢ ᠬᠥᠭᠵᠢᠭᠦᠯᠬᠦ᠂ ᠤᠯᠠᠭᠠᠨ ᠨᠠᠷᠠᠰᠤᠨ ᠴᠢᠰᠤᠨ ᠡᠪᠡᠷ᠂ ᠬᠤᠨᠢᠨ ᠤ ᠭᠡᠳᠡᠰᠦᠨ ᠮᠦᠬᠦ ᠵᠡᠷᠭᠡ ᠤᠢ ᠶᠢᠨ ᠬᠤᠷᠮᠣᠢ ᠶᠢᠨ ᠢᠳᠡᠭᠡᠨ ᠤ ᠮᠦᠬᠦ ᠶᠢ ᠪᠤᠶᠢᠵᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃     ᠵᠦᠩᠱᠠᠨ ᠬᠤᠳᠠ ᠶᠢᠨ ᠯᠢᠦᠢ ᠮᠢᠩ ᠭᠡᠷᠡᠯ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠹᠠᠩ ᠷᠦᠢ ᠵᠡᠷᠭᠡ ᠬᠦᠮᠦᠰ ᠵᠦᠩᠱᠠᠨ ᠬᠤᠳᠠ ᠶᠢᠨ ᠯᠢᠦᠢ ᠮᠢᠩ ᠭᠡᠷᠡᠯ ᠴᠠᠬᠢᠯᠭᠠᠨ ᠤ ᠰᠤᠳᠤᠯᠤᠨ ᠨᠡᠭᠡᠭᠡᠬᠦ ᠲᠥᠪ ᠵᠢᠴᠢ ᠦᠢᠯᠡᠳᠪᠦᠷᠢᠯᠡᠯ ᠤᠨ ᠱᠤᠭᠤᠮ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠳᠠᠷᠠᠭ᠎ᠠ ᠨᠢ ᠠᠵᠤ ᠠᠬᠤᠶᠢᠯᠠᠯ ᠲᠠᠢ ᠭᠦᠨᠵᠡᠭᠡᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠰᠢᠨ᠎ᠡ ᠮᠠᠲ᠋ᠧᠷᠢᠶᠠᠯ ᠪᠣᠯ ᠣᠳᠣᠬᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠰᠠᠭᠤᠷᠢ ᠪᠠ ᠤᠳᠤᠷᠢᠳᠤᠮᠵᠢ ᠪᠣᠯᠤᠨ᠎ᠠ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢᠶᠠᠷ ᠦᠢᠯᠡᠳᠬᠦ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠥᠨᠳᠥᠷ ᠴᠡᠭ ᠢ ᠡᠵᠡᠯᠡᠬᠦ ᠨᠢ ᠠᠵᠤ ᠠᠬᠤᠶᠢᠯᠠᠯ ᠤᠨ ︽ᠲᠤᠰᠬᠠᠶ᠂ ᠨᠠᠷᠢᠯᠢᠭ᠂ ᠣᠨᠴᠠᠭᠠᠶ᠂ ᠰᠢᠨ᠎ᠡ︾ ᠴᠢᠭᠯᠡᠯ ᠳᠠᠰᠢ ᠬᠥᠭᠵᠢᠬᠦ ᠳᠤ ᠠᠰᠢᠭᠲᠠᠶ ᠮᠥᠷᠲᠡᠭᠡᠨ ᠬᠠᠷᠠᠴᠢᠨ ᠬᠤᠰᠢᠭᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠶᠢ ᠬᠦᠴᠦᠲᠡᠶ ᠠᠬᠢᠭᠤᠯᠬᠤ ᠪᠣᠯᠤᠨ᠎ᠠ ᠭᠡᠵᠦ ᠰᠠᠨᠠᠯ ᠨᠢᠭᠡᠲᠡᠶ ᠦᠵᠡᠪᠡ᠃ ᠬᠤᠶᠠᠷ ᠲᠠᠯ᠎ᠠ ᠪᠠᠷ ᠢᠶᠠᠨ ᠠᠩᠬ᠎ᠠ ᠠᠯᠬᠤᠮ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ ᠪᠣᠯᠤᠨ ᠬᠤᠰᠢᠭᠤ ᠶᠢᠨ ᠪᠠᠯᠠ ᠣᠷᠣᠭᠤᠯᠤᠯᠲᠠ ᠶᠢᠨ ᠲᠣᠪᠴᠢᠶ᠎ᠠ᠂ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃     ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠠᠰᠠ ᠬᠤᠲᠠ ᠶᠢᠨ ᠨᠠᠮ ᠤᠨ ᠬᠤᠷᠢᠶᠠᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠳᠤ ᠥᠷᠨᠢᠭᠦᠯᠦᠭᠰᠡᠨ ᠬᠤᠯᠪᠣᠭᠳᠠᠯ ᠪᠦᠭᠦᠢ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号