ᠬᠤᠰᠢᠭᠤᠨ ᠳᠠᠷᠤᠭ᠎ᠠ ᠵᠣᠣ ᠶᠠᠨ ᠬᠤᠩ ᠮᠠᠨ ᠤ ᠬᠤᠰᠢᠭᠤᠨ ᠤ ᠲᠠᠢ ᠺᠦᠨ ᠪᠦᠯᠦᠭᠯᠡᠯ ᠲᠠᠢ ᠲᠥᠷᠥᠯ ᠵᠦᠢᠯ ᠢ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/13
     2 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠮᠠᠨ ᠤ ᠬᠤᠰᠢᠭᠤᠨ ᠤ ᠲᠠᠢ ᠺᠦᠨ ᠪᠦᠯᠦᠭᠯᠡᠯ ᠲᠠᠢ ᠲᠦᠷᠦᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠪᠢᠴᠢᠭᠲᠦ ᠬᠤᠷᠠᠯ ᠳᠤ ᠣᠷᠣᠯᠴᠠᠪᠠ᠃ ᠲᠠᠢ ᠺᠦᠨ ᠪᠦᠯᠦᠭᠯᠡᠯ ᠤᠨ ᠶᠡᠷᠦᠩᠬᠡᠶ ᠬᠢᠨᠠᠭᠴᠢ ᠯᠦ ᠬᠤᠩ ᠯᠦᠩ᠂ ᠯᠢᠦ ᠢᠦᠶ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠪᠠᠯᠠ ᠣᠷᠣᠭᠤᠯᠤᠯᠲᠠ ᠶᠢᠨ ᠲᠣᠪᠴᠢᠶ᠎ᠠ᠂ ᠪᠠᠭ᠎ᠠ ᠨᠡᠭᠦᠴᠡ ᠪᠠᠯᠭᠠᠰᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠵᠢᠴᠢ ᠥᠪᠥᠷ ᠮᠣᠩᠭᠤᠯ ᠤᠨ ᠵᠢᠦ ᠮᠦ ᠾᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ᠂ ᠵᠤᠤ ᠶᠠᠨ ᠬᠤᠩ ᠡᠩ ᠲᠡᠷᠢᠭᠦᠨ ᠳᠤ ᠲᠠᠢ ᠺᠦᠨ ᠪᠦᠯᠦᠭᠯᠡᠯ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠲᠤᠬᠢᠷᠠᠯᠴᠠᠵᠤ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠪᠡ᠃ ᠲᠠᠢ ᠺᠦᠨ ᠪᠦᠯᠦᠭᠯᠡᠯ ᠤᠨ ᠬᠠᠷᠢᠭᠤᠴᠠᠯᠭᠠᠲᠠᠨ ᠯᠢᠦ ᠢᠦᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠪᠣᠯᠤᠨ ᠲᠡᠵᠢᠭᠡᠯ ᠪᠣᠷᠳᠣᠭᠠᠨ ᠤ ᠦᠢᠯᠡᠳᠪᠦᠷᠢ ᠶᠢᠨ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠵᠤ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠠᠶᠢᠳᠠᠯ ᠤᠨ ᠲᠤᠬᠠᠢ ᠳᠡᠰ ᠳᠠᠷᠠᠭ᠎ᠠ ᠲᠠᠢ ᠪᠠᠷ ᠶᠠᠷᠢᠶ᠎ᠠ ᠲᠠᠯᠪᠢᠵᠠᠢ᠃ ᠬᠤᠷᠠᠯ ᠳᠤ ᠣᠷᠣᠯᠴᠠᠭᠰᠠᠳ ᠠᠵᠤ ᠦᠢᠯᠡᠰ ᠤᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠭᠦᠨ ᠳᠠᠪᠬᠤᠷᠭ᠎ᠠ ᠶᠢᠨ ᠰᠣᠯᠢᠯᠴᠠᠭ᠎ᠠ ᠶᠠᠷᠢᠯᠴᠠᠭ᠎ᠠ ᠬᠢᠵᠡᠢ᠃     ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠭᠠᠵᠠᠷ ᠵᠦᠶ ᠶᠢᠨ ᠪᠠᠶᠢᠷᠢᠯᠠᠯ ᠥᠪᠡᠷᠮᠢᠴᠡ ᠣᠨᠴᠠᠯᠢᠭ ᠲᠠᠢ᠂ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠪᠠ ᠵᠢᠭᠤᠯᠴᠢᠯᠠᠯ ᠤᠨ ᠡᠬᠢ ᠪᠠᠶᠠᠯᠢᠭ ᠲᠠᠢ᠂ ᠵᠠᠮ ᠬᠠᠷᠢᠯᠴᠠᠭ᠎ᠠ ᠲᠣᠤᠷ ᠰᠦᠯᠵᠢᠶ᠎ᠡ ᠡᠳᠦᠷ ᠢᠷᠡᠬᠦᠶ᠎ᠡ ᠲᠡᠭᠦᠯᠳᠡᠷᠵᠢᠵᠦ᠂ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠴᠦ ᠨᠢᠭᠡᠨᠲᠡ ᠵᠣᠬᠢᠬᠤ ᠬᠡᠪᠴᠢᠶ᠎ᠡ ᠲᠠᠢ ᠪᠣᠯᠵᠣ᠂ ᠢᠯᠠᠩᠭᠤᠶ᠎ᠠ ᠨᠤᠭᠤᠰᠤᠨ ᠤ ᠠᠵᠤ ᠦᠢᠯᠡᠰ ᠤᠨ ᠪᠥᠬᠦ ᠬᠡᠯᠬᠢᠶ᠎ᠡ ᠨᠢ ᠠᠩᠬ᠎ᠠ ᠠᠯᠬᠤᠮ ᠬᠡᠪᠴᠢᠶ᠎ᠡ ᠲᠠᠢ ᠪᠣᠯᠤᠭᠰᠠᠨ ᠪᠠᠶᠢᠨ᠎ᠠ᠃ ᠲᠠᠢ ᠺᠦᠨ ᠪᠦᠯᠦᠭᠯᠡᠯ ᠤᠨ ᠪᠣᠷᠳᠤᠭ᠎ᠠ ᠪᠣᠯᠪᠠᠰᠤᠷᠠᠭᠤᠯᠬᠤ ᠲᠥᠷᠥᠯ ᠵᠦᠢᠯ ᠨᠢ ᠮᠠᠨ ᠤ ᠬᠤᠰᠢᠭᠤᠨ ᠤ ᠬᠥᠭᠵᠢᠯᠲᠡ ᠳᠤ ᠯᠤᠲᠤ ᠶᠡᠭᠡ ᠳᠠᠯᠳᠠ ᠬᠦᠴᠦᠨ ᠲᠠᠢ ᠪᠠᠶᠢᠵᠤ᠂ ᠪᠥᠬᠦ ᠬᠤᠰᠢᠭᠤᠨ ᠤ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠪᠦᠷᠢᠨᠰᠢᠬᠦᠯᠦᠨ ᠤᠷᠲᠤᠳᠬᠠᠵᠤ᠂ ᠪᠥᠬᠦ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ ᠮᠠᠰᠢ ᠰᠠᠶᠢᠨ ᠠᠬᠢᠭᠤᠯᠬᠤ ᠦᠢᠯᠡᠳᠦᠯ ᠦᠵᠡᠭᠦᠯᠵᠦ ᠴᠢᠳᠠᠨ᠎ᠠ᠃     ᠬᠠᠷᠠᠴᠢᠨ ᠬᠤᠰᠢᠭᠤᠨ ᠤ ᠬᠢᠨ ᠪᠥᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠲᠡᠵᠢᠭᠡᠯ ᠪᠣᠷᠳᠣᠭᠠᠨ ᠤ ᠦᠢᠯᠡᠳᠪᠦᠷᠢ ᠶᠢᠨ ᠲᠥᠷᠥᠯ ᠵᠦᠢᠯ ᠢ ᠪᠣᠳᠠᠲᠠᠶᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠲᠠᠢ ᠺᠦᠨ ᠪᠦᠯᠦᠭᠯᠡᠯ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠴᠢᠨᠠᠭᠰᠢᠳᠠ ᠥᠷᠭᠡᠳᠬᠡᠵᠦ᠂ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号