ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠦ᠋ ᠪᠢᠨ ᠪᠢᠨ ᠤ ᠲᠤᠰᠬᠠᠶ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/2/19
ᠪᠠᠭ᠎ᠠ ᠨᠡᠭᠦᠴᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠦ᠋ ᠪᠢᠨ ᠪᠢᠨ ᠤ ᠲᠤᠰᠬᠠᠶ ᠰᠤᠷᠪᠤᠯᠵᠢᠯᠠᠪᠠᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠠᠷᠢᠭᠤᠨ ᠴᠢᠬᠡᠴᠢ ᠬᠠᠷᠠᠴᠢᠨ ᠤ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠵᠤ᠂ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠶᠢᠨ ᠪᠥᠬᠦ ᠶᠠᠪᠤᠴᠠ ᠳᠤ ᠠᠭᠤᠰᠤᠯᠴᠠᠭᠤᠯᠤᠨ᠂ ᠭᠦᠨ ᠵᠤᠵᠠᠭᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢ ᠠᠬᠢᠭᠤᠯᠵᠤ᠂ ᠬᠤᠰᠢᠭᠤᠨ ᠬᠠᠮ ᠵᠠᠭᠤᠴᠢᠯᠠᠭᠤᠷ ᠤᠨ ᠲᠥᠪ ᠲᠤ ᠲᠤᠰᠬᠠᠶᠢᠯᠠᠨ ︽ᠠᠷᠢᠭᠤᠨ ᠴᠢᠬᠡᠴᠢ ᠬᠠᠷᠠᠴᠢᠨ︾ ᠲᠤᠰᠬᠠᠶ ᠪᠤᠯᠤᠩ ᠭᠠᠷᠭᠠᠵᠤ᠂ ᠪᠥᠬᠦ ᠬᠤᠰᠢᠭᠤᠨ ᠤ ᠠᠷᠢᠭᠤᠨ ᠴᠢᠬᠡᠴᠢ ᠬᠠᠷᠠᠴᠢᠨ ᠤ ᠪᠠᠶᠢᠭᠤᠯᠤᠯᠲᠠ ᠶᠢᠨ ᠠᠷᠭ᠎ᠠ ᠬᠢᠳᠡᠯ᠂ ᠦᠷ᠎ᠡ ᠪᠦᠲᠦᠮᠵᠢ᠂ ᠬᠢᠯᠠᠰ ᠴᠡᠭ ᠢ ᠦᠷᠭᠦᠯᠵᠢᠯᠡᠨ ᠮᠡᠳᠡᠭᠡᠯᠡᠨ᠎ᠡ᠂ ᠠᠩᠬᠠᠷᠤᠯ ᠳᠠᠭᠠᠨ ᠠᠪᠤᠭᠠᠷᠠᠶ᠃ᠦ᠋ ᠱᠦᠵᠢ ᠲᠠ ᠰᠠᠶᠢᠨ ᠤᠤ ︖ 2 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠬᠤᠷᠠᠯᠳᠤᠵᠤ᠂ ᠮᠠᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠨ᠂ ᠡᠭᠦᠷᠭᠡ ᠶᠢ ᠲᠣᠳᠣᠷᠬᠠᠶ ᠲᠣᠭᠲᠠᠭᠠᠵᠠᠶ᠃ ᠲᠡᠭᠡᠪᠡᠯ ᠦ᠋ ᠱᠦᠵᠢ ᠶᠢ ᠲᠠ ᠬᠡᠷᠬᠢᠨ ᠣᠶᠢᠯᠠᠭᠠᠵᠤ ᠲᠠᠨᠢᠭᠰᠠᠨ ᠪᠤᠢ︖ ᠰᠢᠶᠤᠤ ᠨᠢᠦ ᠴᠢᠶᠦ᠋ᠨ ᠪᠠᠯᠭᠠᠰᠤᠨ ᠤ ᠬᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠪᠠᠰᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号