ᠬᠠᠷᠠᠴᠢᠨ ᠬᠤᠰᠢᠭᠤᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠲᠥᠷᠥ ᠶᠢᠨ ᠪᠤᠳᠤᠯᠭ᠎ᠠ ᠶᠢᠨ ᠲᠠᠢᠯᠤᠮᠵᠢ
ᠨᠡᠶᠢᠲᠡᠯᠡᠭᠰᠡᠨ ᠴᠠᠭ᠄
2023/2/2
  ᠬᠠᠷᠠᠴᠢᠨ ᠬᠤᠰᠢᠭᠤᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢᠨ ᠲᠥᠷᠥ ᠶᠢᠨ ᠪᠤᠳᠤᠯᠭ᠎ᠠ ᠶᠢᠨ ᠲᠠᠢᠯᠤᠮᠵᠢ  ᠨᠢᠭᠡ᠂ ᠲᠥᠷᠥ ᠶᠢᠨ ᠪᠣᠳᠣᠯᠭ᠎ᠠ ᠶᠢᠨ ᠠᠬᠤᠶ ᠪᠠᠶᠢᠳᠠᠯ  2022 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2022 ︺ 9 ᠳ᠋ᠦᠭᠡᠷ ᠲᠣᠭᠠᠲᠤ︶ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ︽ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2018 ︺ 21 ᠳ᠋ᠦᠭᠡᠷ ᠲᠣᠭᠠᠲᠤ︶ ᠢ ᠬᠦᠴᠦᠨ ᠥᠬᠡᠶ ᠪᠣᠯᠭᠠᠪᠠ᠃ ᠰᠢᠨ᠎ᠡ ᠱᠠᠲᠤ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠭᠦᠷᠭᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠮᠠᠨ ᠤ ᠬᠤᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠯᠳᠤᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2022 ︺ 9 ᠳ᠋ᠦᠭᠡᠷ ᠲᠣᠭᠠᠲᠤ︶ ᠢ ᠤᠯᠠᠮᠵᠢᠯᠠᠨ ᠲᠠᠷᠬᠠᠭᠠᠬᠤ ᠶᠢᠨ ᠬᠠᠮᠲᠤ ᠂ ᠮᠠᠨ ᠤ ᠬᠤᠲᠠ ᠶᠢᠨ ᠲᠣᠰ ᠱᠠᠲᠤᠨ ᠤ ᠳᠣᠭᠢᠷᠠᠭᠤᠯᠤᠭᠰᠠᠨ ᠵᠣᠯᠭᠠᠭᠤᠯᠬᠤ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠳᠤ ᠤᠯᠠᠮ ᠨᠢᠭᠡ ᠠᠯᠬᠤᠮ ᠱᠠᠭᠠᠷᠳᠠᠯᠭ᠎ᠠ ᠳᠤᠷᠠᠳᠬᠤ ᠶᠢᠨ ᠬᠠᠮᠲᠤ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠢ ᠤᠯᠠᠮᠵᠢᠯᠠᠨ ᠶᠠᠪᠤᠭᠤᠯᠬᠤ ᠮᠡᠳᠡᠭᠳᠡᠯ︾ ︵ᠬᠤᠲᠠ ᠶᠢᠨ ᠶᠠᠪᠤᠳᠠᠯ ᠲᠠᠷᠬᠠᠭᠠᠭᠰᠠᠨ ︹ 2018 ︺ 68 ᠳ᠋ᠤᠭᠠᠷ ᠲᠣᠭᠠᠲᠤ︶ ᠢ ᠬᠦᠴᠦᠨ ᠥᠬᠡᠶ ᠪᠤᠯᠭᠠᠪᠠ᠃  ᠬᠤᠶᠠᠷ᠂ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠶᠠᠪᠤᠴᠠ  ᠲᠤᠭᠤᠷᠪᠢᠨ ᠪᠢᠴᠢᠬᠦ ᠶᠠᠪᠤᠴᠠ ᠳᠤ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ︾᠂ ︽ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ︹ 2022 ︺ 9 ᠳ᠋ᠦᠭᠡᠷ ᠲᠣᠭᠠᠲᠤ︶ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠰᠤᠳᠤᠯᠪᠠ᠂ ᠡᠭᠦᠨ ᠤ ᠬᠠᠮᠲᠤ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠬᠡ ᠨᠣᠣᠷᠠᠭ ᠢ ᠪᠣᠢ ᠪᠣᠯᠭᠠᠪᠠ᠃ ᠡᠬᠡ ᠨᠣᠣᠷᠠᠭ ᠢ ᠭᠠᠷᠭᠠᠭᠰᠠᠨ ᠤ ᠳᠠᠷᠠᠭ᠎ᠠ ᠬᠤᠯᠪᠣᠭᠳᠠᠯ ᠪᠦᠬᠦᠢ ᠨᠢᠭᠡᠴᠡ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠬᠤᠯᠪᠣᠭᠳᠠᠯ ᠪᠦᠬᠦᠢ ᠨᠢᠭᠡᠴᠡ ᠶᠢᠨ ᠳᠤᠷᠠᠳᠤᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠵᠠᠶ᠃  ᠭᠤᠷᠪᠠ᠂ ᠲᠦᠷᠦ ᠶᠢᠨ ᠪᠤᠳᠤᠯᠭ᠎ᠠ ᠶᠢᠨ ᠭᠤᠣᠯ ᠠᠭᠤᠯᠭ᠎ᠠ  ᠨᠢᠭᠡᠳᠦᠭᠡᠷ ᠬᠡᠰᠡᠭ ᠨᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠳᠡᠮᠵᠢᠨ᠎ᠡ᠃  ᠬᠤᠶᠠᠳᠤᠭᠠᠷ ᠬᠡᠰᠡᠭ ᠨᠢ ᠪᠠᠯᠠ ᠮᠥᠩᠭᠦ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠳᠣᠷᠣᠭᠰᠢ ᠪᠠᠭᠤᠯᠭᠠᠨ᠎ᠠ᠃  ᠭᠤᠷᠪᠠᠳᠤᠭᠠᠷ ᠬᠡᠰᠡᠭ ᠨᠢ ᠪᠠᠯᠠ ᠮᠥᠩᠭᠦ ᠶᠢᠨ ᠲᠥᠰᠦᠪ ᠢ ᠵᠣᠯᠭᠠᠭᠤᠯᠬᠤ ᠴᠠᠭ ᠤᠨ ᠬᠢᠵᠠᠭᠠᠷ ᠢ ᠴᠢᠩᠭ᠎ᠠ ᠬᠡᠷᠡᠭᠵᠢᠭᠦᠯᠦᠨ᠎ᠡ᠃  ᠳᠥᠷᠪᠡᠳᠦᠭᠡᠷ ᠬᠡᠰᠡᠭ ᠨᠢ ᠪᠣᠯ ᠲᠥᠷᠥᠯ ᠵᠦᠢᠯ ᠢ ᠤᠷᠢᠳᠴᠢᠯᠠᠨ ᠲᠥᠯᠥᠪᠯᠡᠨ᠎ᠡ᠃  ᠲᠠᠪᠤᠳᠤᠭᠠᠷ ᠬᠡᠰᠡᠭ ᠨᠢ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠣᠯᠭᠠᠭᠤᠯᠬᠤ ᠶᠢ ᠴᠢᠩᠭᠠᠳᠬᠠᠨ᠎ᠠ   ᠵᠢᠷᠭᠤᠳᠤᠭᠠᠷ ᠬᠡᠰᠡᠭ ᠨᠢ ᠪᠡᠯᠡ ᠮᠥᠩᠭᠦ ᠶᠢ ᠬᠤᠷᠢᠶᠠᠨ ᠠᠪᠬᠤ᠂ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃  ᠳᠣᠯᠣᠳᠤᠭᠠᠷ ᠬᠡᠰᠡᠭ ᠨᠢ ᠶᠠᠳᠠᠭᠤ ᠠᠴᠠ ᠠᠩᠭᠢᠵᠢᠷᠠᠭᠤᠯᠬᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠨᠢᠭᠡᠳᠬᠡᠬᠦ ᠶᠢ ᠦᠷᠭᠦᠯᠵᠢᠯᠡᠨ ᠠᠬᠢᠭᠤᠯᠤᠨ᠎ᠠ  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号