2 ᠰᠠᠷ᠎ᠠ ᠶᠢᠨ 20 ᠤ ᠡᠳᠦᠷ᠂ ᠬᠠᠷᠠᠴᠢᠨ ᠬᠤᠰᠢᠭᠤ ︽ᠬᠤᠶᠠᠷ ᠬᠤᠷᠠᠯ︾ ᠤᠨ ᠨᠠᠮ ᠤᠨ ᠭᠡᠰᠢᠭᠦᠳ ᠤᠨ | ᠶᠡᠭᠡ ᠬᠤᠷᠠᠯ ᠬᠢᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠤᠤ ᠮᠧᠩ ᠬᠤᠩ ᠬᠤᠷᠠᠯ ᠡᠷᠭᠢᠯᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠳᠣᠲᠣᠷᠠᠬᠢ ᠨᠠᠮ ᠤᠨ ᠭᠡᠰᠢᠭᠦᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠵᠦ ᠬᠤᠩ ᠲᠤ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ | ᠲᠣᠭᠲᠠᠭᠠᠯ ᠢ ᠤᠩᠰᠢᠨ ᠨᠡᠶᠢᠲᠡᠯᠡᠪᠡ᠃ | ᠹᠠᠩ ᠷᠦᠢ ᠵᠢᠭᠠᠵᠤ ᠭᠠᠷᠭᠠᠭᠰᠠᠨ ᠨᠢ᠂ ︽ᠬᠤᠶᠠᠷ ᠬᠤᠷᠠᠯ︾ ᠪᠣᠯ ᠮᠠᠨ ᠤ ᠬᠤᠰᠢᠭᠤᠨ ᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ | ᠨᠠᠢ᠌ᠮᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠵᠢᠴᠢ ᠪᠥᠬᠦ | ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠰᠢᠭᠤᠨ ᠤ ᠨᠠᠮ ᠤᠨ | ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ | ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ | ᠬᠤᠷᠠᠯ ᠪᠣᠯᠤᠨ᠎ᠠ᠃ ᠲᠣᠰ ᠤᠳᠠᠭᠠᠨ ᠤ ᠨᠠᠮ ᠤᠨ ᠭᠡᠰᠢᠭᠦᠨ ᠤ ᠬᠠᠷᠢᠭᠤᠴᠠᠯᠭᠠᠲᠠᠨ ᠤ ᠬᠤᠷᠠᠯ ᠤᠨ ᠵᠣᠷᠢᠯᠭ᠎ᠠ ᠪᠣᠯ | ᠳᠠᠷᠤᠶ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠠᠷᠢᠭᠤᠴᠠᠯᠭ᠎ᠠ ᠪᠠᠨ | ᠴᠢᠩᠭᠠᠳᠬᠠᠨ᠂ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ | ᠪᠤᠰᠤᠳ ᠲᠥᠯᠥᠭᠡᠯᠡᠭᠴᠢᠳ ᠢ ᠪᠦᠯᠬᠦᠮᠳᠡᠭᠦᠯᠦᠨ ᠳᠠᠭᠠᠭᠤᠯᠵᠤ ᠶᠡᠭᠡ ᠬᠤᠷᠠᠯ ᠤᠨ ᠡᠯ᠎ᠡ ᠵᠦᠢᠯ ᠤᠨ | ᠵᠢᠱᠢᠭᠰᠡᠨ ᠡᠭᠦᠷᠭᠡ ᠶᠢ ᠢᠳᠡᠪᠬᠢᠲᠡᠶ ᠪᠡᠶᠡᠯᠡᠭᠦᠯᠵᠦ᠂ ︽ᠬᠤᠶᠠᠷ ᠬᠤᠷᠠᠯ︾ ᠤᠨ ᠲᠡᠭᠦᠰ ᠠᠮᠵᠢᠯᠲᠠ ᠤᠯᠬᠤ ᠶᠢ | ᠦᠨᠡᠨ ᠬᠦ ᠪᠠᠲᠤᠯᠠᠬᠤ ᠶᠢᠨ ᠲᠥᠯᠥᠭᠡ ᠶᠤᠮ ᠭᠡᠵᠠᠢ᠃ | ᠹᠠᠩ ᠷᠦᠢ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ | ᠂ ︽ᠬᠤᠶᠠᠷ ᠬᠤᠷᠠᠯ︾ ᠢ ᠰᠠᠶᠢᠲᠤᠷ ᠬᠤᠷᠠᠯᠳᠤᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠪᠥᠬᠦ ᠲᠥᠯᠥᠭᠡᠯᠡᠭᠴᠢᠳ ᠪᠣᠯᠤᠨ ᠭᠡᠰᠢᠭᠦᠳ ᠣᠳᠣᠬᠠᠨ ᠤ | ᠬᠥᠭᠵᠢᠯᠲᠡ ᠶᠢᠨ ᠪᠠᠶᠢᠳᠠᠯ ᠳᠤ ᠵᠥᠪ ᠢᠶᠠᠷ ᠬᠠᠨᠳᠤᠵᠤ᠂ ᠬᠤᠶᠢᠰᠢᠳᠠ ᠶᠢᠨ ᠴᠢᠷᠮᠠᠶᠢᠬᠤ ᠴᠢᠭᠯᠡᠯ ᠢ ᠣᠨᠣᠪᠴᠢᠲᠠᠶ | ᠡᠵᠡᠮᠳᠡᠨ᠂ ᠪᠥᠬᠦ ᠬᠤᠰᠢᠭᠤᠨ ᠤ ᠠᠷᠠᠳ ᠲᠦᠮᠡᠨ ᠢ ᠨᠠᠩ ᠰᠠᠢᠲᠤᠷ ᠵᠣᠬᠢᠶᠠᠨ ᠪᠠᠶᠢᠭᠤᠯᠤᠨ | ᠳᠠᠶᠢᠴᠢᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ | ᠪᠥᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ᠃ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠮᠡᠳᠡᠭᠦᠯᠦᠯᠲᠡ ᠶᠢ ᠬᠢᠨᠠᠨ ᠵᠥᠪᠯᠡᠬᠦ᠂ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠶᠡᠭᠡ ᠬᠤᠷᠠᠯ ᠤᠨ ᠰᠣᠩᠭᠤᠭᠤᠯᠢ ᠶᠠᠪᠤᠭᠤᠯᠬᠤ ᠵᠡᠷᠭᠡ ᠠᠵᠢᠯ ᠢ | ᠰᠠᠶᠢᠲᠤᠷ ᠬᠢᠵᠦ᠂ ᠡᠯ᠎ᠡ ᠵᠦᠢᠯ ᠤᠨ ᠵᠥᠪᠯᠡᠬᠦ ᠵᠦᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ | ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠲᠦᠷᠦ ᠶᠢᠨ ᠰᠠᠬᠢᠯᠭ᠎ᠠ | ᠪᠠᠲᠤ᠂ ᠬᠤᠷᠠᠯ ᠤᠨ ᠰᠠᠬᠢᠯᠭ᠎ᠠ ᠪᠠᠲᠤ ᠪᠠ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠪᠦᠭᠦ | ᠬᠤᠰᠢᠭᠤᠨ ᠤ ︽ᠬᠤᠶᠠᠷ ᠬᠤᠷᠠᠯ︾ ᠢ ᠦᠨᠡᠨᠬᠦ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ᠂ | ᠠᠷᠠᠳᠴᠢᠯᠠᠯ ᠲᠠᠢ ᠪᠦᠯᠬᠦᠮᠳᠡᠯ ᠲᠠᠢ᠂ ᠪᠣᠳᠠᠲᠠᠶ ᠶᠢ ᠡᠷᠬᠢᠮᠯᠡᠨ ᠡᠷᠴᠢ ᠵᠣᠷᠢᠭ ᠢᠶᠠᠨ ᠬᠥᠪᠴᠢᠯᠡᠭᠰᠡᠨ᠂ ᠰᠤᠷᠲᠠᠯ | ᠴᠢᠬᠡᠴᠢ ᠣᠪᠣᠷ ᠲᠥᠪ ᠶᠡᠭᠡ ᠬᠤᠷᠠᠯ ᠪᠣᠯᠭᠠᠨ ᠬᠤᠷᠠᠯᠳᠤᠭᠤᠯᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠲᠤᠤ ᠮᠧᠩ ᠬᠤᠩ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠢ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠲᠦᠷᠪᠡᠨ ᠤᠬᠠᠮᠰᠠᠷ︾ | ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠨᠡᠨᠬᠦ ᠪᠠᠳᠠᠷᠠᠭᠤᠯᠬᠤ ᠪᠠ ᠶᠡᠭᠡ ᠬᠤᠷᠠᠯ ᠤᠨ | ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠰᠠᠬᠢᠬᠤ ᠵᠡᠷᠭᠡ ᠭᠤᠷᠪᠠᠨ ᠲᠠᠯ᠎ᠠ ᠪᠠᠷ ᠰᠠᠨᠠᠯ ᠳᠤᠷᠠᠳᠴᠠᠢ᠃ | | |