ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/2/22
     2 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤᠨ ᠤ ᠰᠣᠶᠣᠯ ᠤᠷᠠᠯᠢᠭ ᠤᠨ ᠲᠥᠪ ᠲᠤ ᠠᠮᠵᠢᠯᠲᠠ ᠲᠠᠢ ᠲᠡᠭᠦᠰᠪᠡ᠃     ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ ᠵᠡᠷᠭᠡ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠰᠢᠭᠤᠨ ᠤ ᠤᠯᠤᠰ ᠳᠦᠷᠤ ᠶᠢᠨ ᠵᠦᠪᠯᠡᠭᠡᠨ ᠤ ᠳᠡᠳ᠋ ᠲᠠᠷᠢᠭᠦᠯᠠᠭᠴᠢ ᠯᠢ ᠭᠤᠸᠠᠩ ᠵᠢᠶᠦ᠋ᠨ ᠲᠡᠭᠦᠰᠬᠦ ᠬᠤᠷᠠᠯ ᠡᠷᠭᠢᠯᠠᠪᠠ᠃     ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠬᠤᠶᠠᠳᠤᠭᠠᠷ ᠪᠦᠬᠦ ᠭᠡᠰᠢᠭᠦᠳ ᠦᠨ ᠬᠤᠷᠠᠯ ᠳᠡᠭᠡᠷ᠎ᠡ᠂ ᠵᠣᠣ ᠵᠢᠩ ᠴᠤᠸᠠᠨ᠂ ᠷᠧᠨ ᠯᠢᠨ ᠨᠦᠬᠦᠷ ᠢ ᠨᠦᠬᠦᠨ ᠰᠤᠩᠭᠤᠵᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠪᠠ︔ ᠸᠠᠩ ᠾᠦᠢ ᠯᠦᠩ ᠵᠡᠷᠭᠡ 6 ᠨᠥᠬᠦᠳ ᠢ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠨᠥᠬᠦᠨ ᠰᠣᠩᠭᠤᠪᠠ᠃     ᠲᠡᠭᠦᠰᠬᠦ ᠬᠤᠷᠠᠯ ᠳᠡᠭᠡᠷ᠎ᠡ ᠪᠦᠭᠦ ᠬᠤᠰᠢᠭᠤᠨ ᠤ ᠤᠯᠤᠰ ᠳᠦᠷᠤ ᠶᠢᠨ ᠵᠦᠪᠯᠠᠯᠭᠠ ᠤ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠦᠢᠮᠣᠠ ᠢ ᠱᠠᠩᠨᠠᠪᠠ᠃︽ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ︔ ︽ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ ︔ ︽ᠤᠯᠤᠰ ᠲᠥᠷᠥ ᠶᠢᠨ ᠵᠥᠪᠯᠡᠯᠭᠡᠨ ᠤ ᠬᠠᠷᠠᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ︾ ᠶᠢ ᠬᠢᠨᠠᠨ ᠵᠥᠪᠯᠡᠵᠦ ᠪᠠᠲᠤᠯᠠᠪᠠ᠃     ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ ᠶᠠᠷᠢᠶ᠎ᠠ ᠲᠠᠯᠪᠢᠪᠠ᠃ ᠲᠡᠷᠡ ᠵᠢᠭᠠᠵᠤ ᠭᠠᠷᠭᠠᠭᠰᠠᠨ ᠨᠢ᠂ 2022 ᠣᠨ ᠢ ᠡᠷᠭᠢᠴᠡᠭᠦᠯᠵᠦ ᠦᠵᠡᠪᠡᠯ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠦᠨᠡᠨ ᠰᠡᠳᠬᠢᠯ ᠠᠴᠠ ᠪᠠᠨ ᠠᠷᠠᠳ ᠤᠨ ᠠᠮᠢᠳᠤᠷᠠᠯ ᠢ ᠳᠤᠯᠠᠭᠠᠴᠠᠭᠤᠯᠵᠤ᠂ ᠰᠢᠨ᠎ᠡ ᠴᠠᠭ ᠦᠶ᠎ᠡ ᠶᠢᠨ ᠬᠤᠲᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ᠤᠨ ᠰᠢᠨ᠎ᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠ᠃ 2023 ᠣᠨ ᠢ ᠪᠠᠷᠠᠯᠠᠬᠤᠶ᠎ᠠ᠂ ᠠᠯᠤᠰ ᠤᠨ ᠵᠠᠮ ᠬᠤᠯᠠ ᠪᠠᠶᠢᠵᠤ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠨᠢ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠥᠷᠭᠡᠨ ᠠᠭᠤᠳᠠᠮ ᠲᠠᠪᠴᠠᠩ ᠪᠠ ᠠᠵᠠ ᠲᠣᠬᠢᠶᠠᠯ ᠣᠯᠭᠤᠭᠰᠠᠨ ᠪᠥᠭᠡᠳ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃     ᠨᠢᠭᠡ ᠳᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠢᠮᠠᠭᠲᠠ ᠡᠷᠡᠰ ᠪᠠᠲᠤ ᠢᠲᠡᠭᠡᠯ ᠵᠣᠷᠢᠭ ᠢᠶᠠᠷ ︽ᠤᠯᠤᠰ ᠲᠦᠷᠦ ᠶᠢᠨ ᠬᠠᠷᠢᠭᠤᠯᠲᠠ ᠶᠢᠨ ᠬᠠᠭᠤᠳᠠᠰᠤ︾ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠬᠤᠨ ᠢ ᠭᠦᠨᠵᠡᠭᠡᠶ ᠰᠤᠷᠤᠯᠴᠠᠨ ᠣᠶᠢᠯᠠᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠲᠤᠭᠤᠰᠢᠯᠠᠭᠳᠠᠵᠤ ᠪᠠᠶᠢᠭ᠎ᠠ ᠵᠣᠭᠰᠣᠯᠲᠠ᠂ ᠦᠵᠡᠯᠲᠡ᠂ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠯᠤᠰ ᠲᠦᠷᠦ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠦᠨᠡᠨ ᠬᠦ ᠨᠡᠮᠡᠭᠳᠡᠭᠦᠯᠵᠦ᠂ ᠪᠣᠳᠠᠲᠤ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃     ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠵᠣᠷᠢᠭᠲᠠᠢ ᠪᠠᠷ ᠡᠭᠦᠷᠭᠡᠯᠡᠵᠦ᠂ ᠢᠮᠠᠭᠲᠠ ᠳᠡᠭᠡᠳᠦ ᠬᠡᠮᠵᠢᠶᠡᠨ ᠤ ᠤᠬᠠᠮᠰᠠᠷ ᠠᠴᠠ ︽ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ︾ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠪᠢᠳᠡ ᠵᠠᠪᠠᠯ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠬᠠᠷᠠᠴᠢᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠭᠤᠣᠯᠳᠠᠭᠤ ᠠᠵᠤ ᠦᠢᠯᠡᠰ ᠢ ᠠᠳᠬᠤᠬᠤ᠂ ᠲᠠᠪᠴᠠᠩ ᠪᠠᠶᠢᠭᠤᠯᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠪᠦᠬᠦ ᠬᠤᠳᠠ᠂ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠬᠤ᠂ ᠠᠵᠤ ᠠᠬᠤᠢ ᠶᠢᠨ ᠲᠣᠭᠲᠠᠭᠤᠨ ᠡᠷᠡᠭᠦᠯ ᠢᠶᠠᠷ ᠠᠵᠢᠯᠯᠠᠬᠤ ᠶᠢ ᠠᠬᠢᠭᠤᠯᠬᠤ ᠵᠡᠷᠭᠡ ᠴᠢᠬᠤᠯᠠ ᠶᠡᠭᠡ ᠰᠡᠳᠦᠪ ᠤᠨ ᠲᠣᠭᠤᠷᠢᠨ ᠳᠤ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠵᠦ ᠂ ︽ᠭᠠᠳᠠᠭᠰᠢ ᠭᠠᠷᠬᠤ᠂ ᠤᠷᠢᠵᠤ ᠠᠪᠴᠢᠷᠠᠬᠤ︾ ᠶᠢ ᠪᠠᠷᠢᠮᠲᠠᠯᠠᠵᠤ᠂ ᠭᠡᠰᠢᠭᠦᠳ ᠤᠨ ᠪᠠᠶᠢᠴᠠᠭᠠᠨ ᠦᠵᠡᠬᠦ᠂ ᠪᠠᠶᠢᠴᠠᠭᠠᠨ ᠰᠤᠳᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ ᠡᠲᠡᠭᠡᠳ ᠤᠨ ᠢᠯᠭᠠᠯ ᠢᠶᠠᠷ ᠨᠢᠭᠡᠴᠡ ᠪᠣᠯᠭᠠᠨ ᠂ ᠣᠶ ᠶᠢᠨ ᠬᠤᠷᠮᠣᠶ ᠶᠢᠨ ᠠᠵᠤ ᠠᠬᠤᠶ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠵᠡᠷᠭᠡ ᠠᠭᠤᠯᠭ᠎ᠠ ᠶᠢᠨ ᠲᠣᠭᠤᠷᠢᠨ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠢᠴᠢᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠠᠷᠢᠯᠢᠭ ᠤᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠦᠨ᠎ᠡ ᠥᠷᠲᠡᠭ ᠲᠠᠢ ᠯᠠᠪᠯᠠᠯᠲᠠ ᠬᠠᠩᠭᠠᠨ᠎ᠠ᠃ ᠤᠯᠤᠰ ᠲᠥᠷᠥ ᠶᠢᠨ ᠵᠥᠪᠯᠡᠯᠭᠡᠨ ᠤ ᠥᠪᠡᠷᠮᠢᠴᠡ ᠡᠬᠢ ᠪᠠᠶᠠᠯᠢᠭ ᠪᠠ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠬᠠᠷᠠᠴᠢᠨ ᠣᠷᠣᠨ ᠤ ᠣᠨᠴᠠᠯᠢᠭ ᠲᠠᠢ ᠤᠯᠠᠮᠵᠢᠯᠠᠯᠲᠤ ᠰᠣᠶᠣᠯ ᠢ ᠭᠦᠢᠴᠡᠳ ᠠᠭᠤᠳᠠᠯᠵᠤ᠂ ᠬᠠᠮᠢᠶ᠎ᠠ ᠪᠥᠬᠦᠶ ᠭᠡᠰᠢᠭᠦᠳ ᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠲᠡᠤᠬᠡ ᠰᠣᠶᠣᠯ ᠢ ᠴᠤᠭᠯᠠᠭᠤᠯᠤᠨ ᠡᠮᠬᠢᠳᠬᠡᠵᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤ ᠣᠶᠤᠨ ᠤ ᠳᠡᠮᠵᠢᠯᠭᠡ ᠬᠠᠩᠭᠠᠨ᠎ᠠ᠃     ᠭᠤᠷᠪᠠ ᠳᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠭᠤᠤ ᠦᠢᠯᠡᠰ ᠢ ᠴᠣᠭᠴᠠᠯᠠᠵᠤ᠂ ᠢᠮᠠᠭᠲᠠ ᠥᠪᠡᠷᠮᠢᠴᠡ ᠳᠠᠪᠠᠭᠤᠯᠢᠭ ᠢᠶᠠᠷ ︽ᠰᠡᠳᠬᠢᠯ ᠢᠶᠠᠨ ᠨᠢᠭᠡᠳᠬᠡᠨ ᠬᠠᠷᠢᠭᠤᠯᠲᠠ ᠶᠢᠨ ᠬᠠᠭᠤᠳᠠᠰᠤ︾ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠣᠳᠣᠬᠠᠨ ᠳᠤ᠂ ᠮᠠᠨ ᠤ ᠬᠤᠰᠢᠭᠤ ᠶᠠᠭ ᠬᠥᠳᠡᠯᠭᠡᠬᠦ ᠬᠦᠴᠦᠨ ᠤ ᠳᠠᠯᠳᠠ ᠬᠦᠴᠦᠨ ᠢ ᠲᠦᠷᠭᠡᠨ ᠪᠠᠳᠠᠷᠠᠭᠤᠯᠵᠤ᠂ ᠴᠢᠬᠤᠯᠠ ᠶᠡᠭᠡ ᠠᠵᠤ ᠦᠢᠯᠡᠰ ᠢ ᠲᠦᠷᠭᠡᠨ ᠪᠤᠶᠢᠵᠢᠭᠤᠯᠵᠤ᠂ ᠰᠢᠨ᠎ᠡ ᠠᠶᠠᠨ ᠳᠤ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠨᠢ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ᠂ ᠬᠠᠷᠢᠴᠠᠭ᠎ᠠ ᠶᠢ ᠵᠣᠬᠢᠴᠠᠭᠤᠯᠬᠤ᠂ ᠬᠦᠴᠦᠨ ᠢ ᠬᠤᠷᠠᠮᠳᠤᠭᠤᠯᠬᠤ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠶᠤᠮ᠃ ᠪᠢᠳᠡ ᠡᠷᠬᠡᠪᠰᠢ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠵᠡᠭᠦᠨ ᠪᠠᠷᠠᠭᠤᠨ ᠲᠠᠯ᠎ᠠ ᠪᠠᠷ ᠢᠶᠠᠨ ᠬᠠᠷᠢᠯᠴᠠᠨ ᠬᠥᠳᠡᠯᠦᠯᠴᠡᠵᠦ᠂ ᠡᠯ᠎ᠡ ᠲᠠᠯ᠎ᠠ ᠪᠠᠷ ᠢᠶᠠᠨ ᠳᠥᠯᠭᠢᠨ ᠠᠬᠢᠭᠤᠯᠬᠤ ᠶᠢ ᠨᠡᠩ ᠢᠯᠡᠭᠦᠦ ᠴᠢᠬᠤᠯᠠᠴᠢᠯᠠᠵᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠤᠨ ᠭᠠᠳᠠᠨᠠᠬᠢ ᠬᠥᠮᠦᠰ ᠪᠣᠯᠤᠨ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠪᠠᠶᠢᠳᠠᠯ ᠢ ᠤᠶᠢᠯᠠᠭᠠᠨ ᠵᠠᠰᠠᠭ ᠤᠨ ᠶᠠᠪᠤᠳᠠᠯ ᠢ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠬᠠᠮᠤᠭ ᠤᠨ ᠶᠡᠭᠡ ᠬᠤᠷᠢᠶᠠᠭᠴᠢ ᠲᠤᠭ᠎ᠠ ᠶᠢ ᠪᠡᠶᠡᠯᠡᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠡᠭᠦᠷᠭᠡ ᠴᠢᠳᠠᠪᠤᠷᠢ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠬᠤ ᠪᠠᠷ ᠬᠦᠴᠦᠯᠡᠨ ᠴᠢᠷᠮᠠᠶᠢᠵᠤ᠂ ᠰᠡᠳᠬᠢᠯ ᠲᠠᠯᠪᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠡᠳᠬᠢᠯᠭᠡ ᠪᠠᠷ ᠢᠶᠠᠨ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠯᠬᠦᠮᠳᠡᠨ ᠬᠤᠯᠪᠣᠭᠠᠯᠠᠬᠤ ᠪᠠᠷ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠭᠯᠠᠵᠤ᠂ ᠬᠠᠷᠠᠴᠢᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠠᠤᠭ᠎ᠠ ᠶᠡᠭᠡ ᠬᠦᠴᠦᠨ ᠢ ᠨᠡᠩ ᠰᠠᠶᠢᠲᠤᠷ ᠨᠢᠭᠲᠠᠷᠠᠭᠤᠯᠬᠤ ᠬᠡᠷᠡᠭᠲᠡᠢ᠃     ᠲᠦᠷᠪᠡ ᠳᠤ᠂ ᠰᠢᠨ᠎ᠡ ᠶᠢ ᠡᠭᠦᠳᠴᠦ ᠰᠢᠪᠲᠤᠯᠤᠯᠲᠠ ᠶᠢ ᠡᠷᠢᠯᠬᠢᠯᠡᠬᠦ ᠶᠢ ᠪᠠᠷᠢᠮᠲᠠᠯᠠᠵᠤ᠂ ᠢᠮᠠᠭᠲᠠ ᠤᠷᠤᠭᠰᠢᠯᠠᠨ ᠲᠠᠪᠰᠢᠬᠤ ᠲᠦᠷᠢ ᠲᠥᠷᠬᠦ ᠪᠠᠷ ︽ᠲᠦᠷᠢ ᠲᠥᠷᠬᠦ ᠶᠢᠨ ᠬᠠᠷᠢᠭᠤᠯᠲᠠ ᠶᠢᠨ ᠬᠠᠭᠤᠳᠠᠰᠤ︾ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ︽ᠴᠠᠭ ᠪᠠ ᠬᠠᠨᠳᠤᠰᠢ︾ ᠶᠢ ᠴᠢᠳᠠᠮᠠᠭᠠᠶ ᠪᠠᠷ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ︽ᠴᠢᠨᠠᠷ ᠪᠠ ᠦᠷ᠎ᠡ ᠪᠦᠲᠦᠮᠵᠢ︾ ᠶᠢ ᠳᠡᠭᠡᠭᠰᠢᠯᠡᠭᠦᠯᠦᠨ᠂ ᠤᠯᠤᠰ ᠲᠦᠷᠦ ᠶᠢᠨ ᠵᠥᠪᠯᠡᠯᠭᠡᠨ ᠤ ᠳᠠᠪᠠᠭᠤᠯᠢᠭ ᠦᠢᠯᠡᠳᠦᠯ ᠢ ᠶᠡᠬᠡᠰᠬᠡᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠴᠠᠭ ᠦᠶᠡᠴᠢ ᠴᠢᠨᠠᠷ ᠢ ᠨᠡᠩ ᠰᠠᠶᠢᠲᠤᠷ ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠨᠡᠩ ᠰᠠᠶᠢᠲᠤᠷ ᠡᠵᠡᠮᠳᠡᠵᠦ᠂ ᠪᠦᠲᠦᠭᠡᠯᠴᠢ ᠴᠢᠨᠠᠷ ᠲᠠᠢ ᠪᠣᠯᠭᠠᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠣᠨᠴᠠᠯᠢᠭ᠂ ᠰᠢᠨ᠎ᠡ ᠱᠠᠭᠠᠷᠳᠠᠯᠭ᠎ᠠ ᠳᠤ ᠢᠳᠡᠪᠬᠢᠲᠡᠢ ᠵᠣᠬᠢᠴᠠᠵᠤ᠂ ᠲᠦᠷᠢᠮ ᠲᠣᠭᠲᠠᠴᠠ ᠶᠢᠨ ᠲᠠᠬᠢᠨ ᠰᠢᠨ᠎ᠡ ᠶᠢ ᠡᠭᠦᠳᠬᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠴᠢᠶᠠᠯᠠᠪᠤᠷᠢ ᠶᠢᠨ ᠲᠠᠬᠢᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠲᠠᠬᠢᠨ ᠰᠢᠨ᠎ᠡ ᠶᠢ ᠡᠭᠦᠳᠬᠦ᠂ ᠠᠵᠢᠯᠯᠠᠭ᠎ᠠ ᠶᠢᠨ ᠠᠭᠤᠯᠭ᠎ᠠ ᠶᠢᠨ ᠲᠠᠬᠢᠨ ᠰᠢᠨ᠎ᠡ ᠶᠢ ᠡᠭᠦᠳᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠥᠨᠳᠥᠷᠯᠡᠪᠡ᠃     
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号