ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠠᠶ ᠹᠠᠩ ᠬᠠᠷᠠᠴᠢᠨ ᠬᠤᠰᠢᠭᠤᠨ ᠳᠤ ᠬᠦᠷᠴᠦ ᠪᠤᠯᠪᠠᠰᠤᠨ ᠬᠤᠲᠠ ᠪᠠᠶᠢᠭᠤᠯᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/2/28
     2 ᠰᠠᠷ᠎ᠠ ᠶᠢᠨ 28 ᠤ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠠᠶ ᠹᠠᠩ ᠬᠠᠷᠠᠴᠢᠨ ᠬᠤᠰᠢᠭᠤᠨ ᠳᠤ ᠬᠦᠷᠴᠦ ᠪᠤᠯᠪᠠᠰᠤᠨ ᠬᠤᠲᠠ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠪᠠᠷ᠎ᠠ ᠪᠣᠯᠪᠠ᠃     ᠰᠦᠨ ᠠᠢ ᠹᠠᠩ ᠨᠠᠷ ᠤᠷᠢᠳ ᠬᠤᠵᠢᠳ ᠤᠯᠠᠭᠠᠨᠬᠠᠳᠠ ᠶᠢᠨ ᠢᠦᠢ ᠯᠦᠩ ᠨᠢᠰᠬᠡᠯ ᠤᠨ ᠪᠠᠭᠤᠳᠠᠯ᠂ ᠾᠧ ᠮᠧᠢ ᠰᠢᠨ᠎ᠡ ᠲᠣᠭᠤᠷᠢᠭ ᠵᠡᠷᠭᠡ ᠭᠠᠵᠠᠷ ᠲᠤ ᠭᠦᠨᠵᠡᠭᠡᠶᠢᠷᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠵᠤ᠂ ᠲᠤᠬᠠᠢ ᠶᠢᠨ ᠲᠠᠯᠠᠪᠠᠢ ᠳᠤ ᠪᠤᠯᠪᠠᠰᠤᠨ ᠬᠤᠳᠠ ᠶᠢ ᠪᠠᠶᠢᠭᠤᠯᠬᠤ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃     ᠰᠦᠨ ᠠᠶ ᠹᠠᠩ ᠬᠠᠷᠠᠴᠢᠨ ᠬᠤᠰᠢᠭᠤᠨ ᠤ ᠬᠤᠲᠠ ᠪᠠᠶᠢᠭᠤᠯᠬᠤ ᠠᠵᠢᠯ ᠤᠨ ᠠᠮᠵᠢᠯᠲᠠ ᠶᠢ ᠭᠦᠢᠴᠡᠳ ᠨᠤᠲᠠᠯᠠᠵᠠᠶ᠃ ᠲᠡᠷᠡ᠂ ᠬᠤᠳᠠ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠳᠤᠲᠠᠭᠤᠳᠠᠯ ᠢ ᠨᠥᠬᠦᠪᠥᠷᠢᠯᠡᠬᠦ ᠪᠠᠷ ᠬᠦᠴᠦᠯᠡᠵᠦ᠂ ᠲᠥᠬᠦᠭᠡᠷᠦᠮᠵᠢ ᠶᠢ ᠳᠡᠭᠡᠭᠰᠢᠯᠡᠭᠦᠯᠬᠦ᠂ ᠬᠠᠮᠢᠶᠠᠷᠤᠯᠲᠠ ᠶᠢ ᠳᠡᠭᠡᠭᠰᠢᠯᠡᠭᠦᠯᠬᠦ᠂ ᠬᠡᠪ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠳᠠ ᠪᠠᠶᠢᠭᠤᠯᠬᠤ ᠪᠣᠳᠠᠲᠤ ᠦᠷ᠎ᠡ ᠪᠦᠲᠦᠮᠵᠢ ᠪᠠᠷ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ︔ ᠰᠢᠯᠭᠠᠨ ᠦᠨᠡᠯᠡᠬᠦ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠣᠷᠬᠢᠭᠳᠠᠭᠤᠯᠬᠤ ᠥᠬᠡᠶ᠂ ᠦᠯᠡᠳᠡᠭᠡᠯ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠬᠤᠲᠠ ᠪᠠᠶᠢᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号