ᠬᠤᠲᠠ ᠶᠢᠨ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠪᠠᠢᠩᠭᠤ ᠶᠢᠨ  ᠬᠤᠷᠢᠶᠠᠨ ᠤ ᠡᠷᠬᠢᠯᠡᠭᠴᠢ ᠰᠦᠨ ᠠᠢ ᠹᠠᠩ ᠮᠠᠨ ᠤ ᠬᠤᠰᠢᠭᠤᠨ ᠤ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠲᠦᠯᠦᠭᠡᠯᠡᠭᠴᠢ ᠶᠢᠨ ᠪᠠᠢᠭ᠎ᠠ ᠠᠵᠤ ᠠᠬᠤᠢᠯᠠᠯ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/2/28
     2 ᠰᠠᠷ᠎ᠠ ᠶᠢᠨ 28 ᠤ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠠᠶ ᠹᠠᠩ ᠮᠠᠨ ᠤ ᠬᠤᠰᠢᠭᠤᠨ ᠳᠤ ᠬᠡᠰᠡᠭ ᠠᠷᠠᠳ ᠤᠨ ᠲᠥᠯᠥᠭᠡᠯᠡᠭᠴᠢᠳ ᠤᠨ ᠪᠠᠶᠢᠭ᠎ᠠ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠠ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠰᠣᠨᠣᠰᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠮᠠ ᠵᠢᠩ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠪᠠᠷ᠎ᠠ ᠪᠣᠯᠪᠠ᠃     ᠰᠦᠨ ᠠᠢ ᠹᠠᠩ ᠨᠠᠷ ᠤᠷᠢᠳ ᠬᠤᠵᠢᠳ ᠤᠯᠠᠭᠠᠨᠬᠠᠳᠠ ᠶᠢᠨ ᠶᠦᠨ ᠲᠦᠩ ᠥᠩᠭᠡᠲᠦ ᠲᠡᠮᠦᠷᠯᠢᠭ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠦᠩ ᠶᠤᠸᠠᠢ ᠶᠢᠨ ᠹᠧᠩ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠮᠧᠩ ᠶᠤᠸᠠᠨ ᠲᠠᠩ ᠡᠮ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠵᠦᠩ ᠰᠢᠩ ᠠᠩᠬ᠎ᠠ ᠡᠭᠦᠳᠦᠭᠰᠡᠨ ᠪᠧᠲ᠋ᠤᠨ ᠵᠢᠭᠤᠷᠠᠮᠠᠯ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠪᠡ᠃ ᠠᠵᠤ ᠠᠬᠤᠶᠢᠯᠠᠯ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠪᠠ ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠨᠢᠮᠪᠠᠶ ᠠᠰᠠᠭᠤᠨ ᠯᠠᠪᠯᠠᠬᠤ ᠶᠢᠨ ᠬᠠᠮᠲᠤ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠪᠠ᠃     ᠰᠦᠨ ᠠᠶ ᠹᠠᠩ ᠠᠵᠤ ᠠᠬᠤᠶᠢᠯᠠᠯ ᠤᠨ ᠪᠦᠬᠦ ᠬᠤᠲᠠ ᠶᠢᠨ ᠠᠵᠤ ᠠᠬᠤᠶ ᠶᠢᠨ ᠬᠥᠭᠵᠢᠯᠲᠡ ᠶᠢᠨ ᠲᠣᠭᠲᠠᠭᠤᠨ ᠢᠶᠠᠷ ᠤᠷᠤᠭᠰᠢᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠵᠠᠢ ᠂ ᠲᠡᠷᠡ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠳᠤ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠤ ᠡᠩᠨᠡᠭᠡ ᠲᠠᠢ᠂ ᠪᠠᠰᠠ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠢᠷᠡᠭᠡᠳᠦᠢ ᠲᠠᠢ ᠶᠤᠮ ᠭᠡᠵᠦ ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠲᠠᠯ᠎ᠠ ᠳᠤ ᠢᠳᠡᠪᠬᠢᠲᠡᠢ ᠠᠭᠤᠰᠤᠯᠴᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠲᠦᠷᠦᠯ ᠤᠨ ᠨᠥᠯᠥᠭᠡᠯᠡᠬᠦ ᠬᠦᠴᠦᠨ ᠢᠶᠠᠨ ᠦᠷᠭᠦᠯᠵᠢᠯᠡᠨ ᠥᠷᠭᠡᠳᠬᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃     ᠰᠦᠨ ᠠᠢ ᠹᠠᠩ ᠢᠯᠡᠳᠬᠡᠭᠰᠡᠨ ᠨᠢ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠪᠣᠯ ᠬᠠᠮᠤᠭ ᠤᠨ ᠡᠷᠬᠢᠮ ᠨᠠᠨᠳᠢᠨ ᠡᠳ᠋ ᠬᠦᠷᠦᠩᠬᠡ ᠮᠥᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠭᠤᠣᠯ ᠬᠦᠴᠦᠨ ᠮᠥᠨ᠂ ᠠᠵᠤ ᠠᠬᠤᠶᠢᠯᠠᠯ ᠤᠳ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠰᠢᠯᠢᠳᠡᠭ ᠴᠢᠳᠠᠪᠤᠷᠢᠲᠠᠨ ᠪᠣᠯᠤᠨ ᠲᠡᠷᠢᠭᠦᠨ ᠤ ᠮᠡᠷᠭᠡᠵᠢᠯ ᠢ ᠶᠡᠬᠡᠪᠡᠷ ᠣᠷᠣᠭᠤᠯᠤᠨ ᠠᠪᠴᠢᠷᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠮᠡᠷᠭᠡᠵᠢᠯ ᠤᠨ ᠲᠡᠰ ᠳᠠᠪᠬᠤᠷᠭ᠎ᠠ ᠶᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ︔ ᠠᠵᠤ ᠠᠬᠤᠶᠢᠯᠠᠯᠲᠠᠳ ᠶᠡᠭᠡ ᠲᠠᠯ᠎ᠠ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠪᠥᠬᠦ ᠨᠡᠶᠢᠭᠡᠮ ᠤᠨ ᠬᠥᠭᠵᠢᠯᠲᠡ ᠲᠠᠢ ᠨᠢᠭᠲᠠ ᠬᠤᠯᠪᠣᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠠᠢ ᠃     ᠰᠦᠨ ᠠᠢ ᠹᠠᠩ ᠴᠢᠩᠭᠠᠳᠬᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠵᠤ ᠠᠬᠤᠶᠢᠯᠠᠯᠲᠠᠨ ᠤ ᠠᠵᠢᠯ ᠲᠦᠷᠦᠯ ᠤᠨ ᠳᠠᠪᠠᠭᠤᠯᠢᠭ ᠪᠣᠯᠤᠨ ᠬᠥᠮᠦᠨ ᠤ ᠬᠠᠷᠢᠴᠠᠭᠠᠨ ᠤ ᠡᠬᠢ ᠪᠠᠶᠠᠯᠢᠭ ᠤᠨ ᠬᠦᠴᠦᠨ ᠢ ᠰᠠᠶᠢᠲᠤᠷ ᠪᠠᠳᠠᠷᠠᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号