ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠢ ᠨᠡᠪᠴᠢᠭᠦᠯᠬᠦ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2023/2/8
     2 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠤᠳᠤᠷᠢᠳᠤᠯᠭ᠎ᠠ ᠶᠠᠩ ᠸᠧᠨ ᠳ᠋ᠦᠩ᠂ ᠪᠢᠴᠢᠭᠲᠦ ᠂ ᠵᠤᠸᠠᠩ ᠸᠧᠨ ᠳ᠋ᠢ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠨᠡᠪᠴᠢᠭᠦᠯᠬᠦ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠠ᠃     ᠨᠡᠪᠴᠢᠭᠦᠯᠬᠦ ᠰᠠᠭᠤᠷᠢᠨ ᠭᠠᠵᠠᠷ ᠤ ᠣᠳᠣᠬᠠᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠠᠵᠤ ᠠᠬᠤᠶᠢᠯᠠᠯ ᠤᠨ ᠣᠷᠣᠵᠤ ᠰᠠᠭᠤᠭᠰᠠᠨ ᠪᠠᠶᠢᠳᠠᠯ ᠪᠣᠯᠤᠨ ᠰᠠᠭᠤᠷᠢᠨ ᠭᠠᠵᠠᠷ ᠳᠤ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠲᠥᠯᠥᠪᠯᠡᠭᠡ ᠶᠢ ᠰᠣᠨᠣᠰᠤᠭᠰᠠᠨ ᠤ ᠳᠠᠷᠠᠭ᠎ᠠ᠂ ᠹᠠᠩ ᠷᠦᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠤᠷᠢᠳᠴᠢᠯᠠᠨ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠪᠠᠶᠢᠷᠢᠰᠢᠭᠤᠯᠵᠤ᠂ ᠰᠠᠭᠤᠷᠢ ᠢᠵᠢ ᠪᠥᠷᠢᠳᠦᠭᠰᠡᠨ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠲᠥᠷᠥᠯ ᠪᠣᠯᠤᠨ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠶ᠃     ᠰᠠᠭᠤᠷᠢᠨ ᠭᠠᠵᠠᠷ ᠤᠨ ᠣᠳᠣᠬᠠᠨ ᠤ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠳᠦ ᠴᠢᠭᠯᠡᠭᠦᠯᠦᠨ ᠂ ᠹᠠᠩ ᠷᠦᠢ ᠱᠠᠭᠠᠷᠳᠠᠭᠰᠠᠨ ᠨᠢ ᠂ ᠬᠠᠮᠢᠶ᠎ᠠ ᠪᠥᠬᠥᠶ ᠬᠠᠷᠢᠭᠤᠴᠠᠯᠭᠠᠲᠤ ᠰᠠᠯᠠᠭ᠎ᠠ ᠮᠥᠴᠢᠷ ᠦᠳ ᠠᠷᠭ᠎ᠠ ᠬᠡᠮᠵᠢᠶ᠎ᠡ ᠪᠡᠨ ᠤᠯᠠᠮ ᠨᠢᠭᠡ ᠠᠯᠬᠤᠮ ᠨᠠᠷᠢᠯᠢᠬᠵᠢᠭᠤᠯᠤᠨ ᠂ ᠭᠦᠶᠴᠡᠳ ᠦᠶᠯᠡᠴᠢᠯᠡᠵᠦ ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ᠃ ᠠᠯᠤᠰ ᠬᠡᠳᠦ ᠶᠢ ᠪᠣᠳᠣᠯᠬᠢᠯᠠᠨ ᠂ ᠬᠥᠭᠵᠢᠯᠲᠡ ᠶᠢᠨ ᠠᠷᠭ᠎ᠠ ᠵᠠᠮ ᠢ ᠰᠠᠶᠢᠲᠤᠷ ᠲᠥᠯᠥᠪᠵᠢᠭᠦᠯᠵᠦ ᠂ ᠠᠵᠤ ᠠᠬᠤᠶᠢᠯᠠᠯ ᠤᠨ ᠡᠵᠡᠩᠨᠡᠯᠲᠡ ᠪᠠ ᠦᠢᠯᠡᠴᠢᠯᠡᠭᠡᠨ ᠦ ᠵᠠᠭᠪᠤᠷ ᠢ ᠰᠢᠯᠢᠳᠡᠭᠵᠢᠭᠦᠯᠦᠨ ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ ᠂ ᠠᠳᠠᠯᠢ ᠪᠤᠰᠤ ᠣᠷᠣᠵᠤ ᠰᠠᠭᠤᠬᠤ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠥᠷᠭᠡᠨ ᠳᠡᠯᠭᠡᠷ ᠢᠶᠡᠷ ᠤᠬᠠᠭᠤᠯᠵᠤ ᠂ ᠭᠦᠨ ᠠᠭᠤᠳᠠᠯᠵᠤ ᠂ ᠬᠠᠷᠠᠭ᠎ᠠ ᠪᠠᠨ ᠥᠷᠭᠡᠳᠬᠡᠨ ᠂ ᠦᠶᠯᠡᠴᠢᠯᠡᠭᠡᠨ ᠦ ᠬᠡᠪᠴᠢᠶ᠎ᠡ ᠪᠡᠨ ᠥᠷᠭᠡᠳᠬᠡᠵᠦ ᠂ ᠨᠠᠩ ᠣᠯᠠᠨ ᠲᠣᠰ ᠭᠠᠵᠠᠷ ᠤᠨ ᠠᠵᠤ ᠠᠬᠤᠶᠢᠯᠠᠯ ᠤᠨ ᠡᠯᠧᠺᠲ᠋ᠷᠣᠨ ᠬᠤᠳᠠᠯᠳᠤᠭᠠᠨ ᠤ ᠠᠵᠤ ᠦᠶᠯᠡᠰ ᠦᠨ ᠨᠡᠪᠴᠢᠭᠦᠯᠬᠦ ᠰᠠᠭᠤᠷᠢᠨ ᠭᠠᠵᠠᠷ ᠲᠤ ᠣᠷᠣᠵᠤ ᠰᠠᠭᠤᠬᠤ ᠶᠢ ᠢᠳᠡᠪᠬᠢᠲᠡᠶ ᠵᠣᠷᠢᠭᠵᠢᠭᠤᠯᠤᠨ ᠬᠥᠲᠥᠯᠥᠨ ᠵᠢᠯᠣᠭᠣᠳᠴᠤ ᠂ ᠡᠯᠧᠺᠲ᠋ᠷᠣᠨ ᠬᠤᠳᠠᠯᠳᠤᠭᠠᠨ ᠤ ᠠᠵᠤ ᠦᠶᠯᠡᠰ ᠬᠢᠭᠡᠳ ᠬᠥᠳᠡᠭᠡ ᠲᠣᠰᠬᠣᠨ ᠤ ᠬᠥᠭᠵᠢᠯᠲᠡ ᠶᠢᠨ ᠵᠢᠩᠬᠢᠨᠢ ᠠᠭᠤᠰᠤᠯᠴᠠᠯ ᠢ ᠪᠡᠶᠡᠯᠡᠭᠦᠯᠵᠦ ᠂ ᠬᠠᠮᠵᠢᠯᠴᠠᠨ ᠬᠠᠮᠲᠤ ᠪᠠᠷ ᠠᠰᠢᠭ ᠭᠥᠷᠳᠡᠬᠦ ᠪᠡᠷ ᠳᠠᠮᠵᠢᠭᠤᠯᠤᠨ ᠬᠥᠳᠡᠭᠡ ᠲᠣᠰᠬᠣᠨ ᠤ ᠬᠥᠭᠵᠢᠯᠲᠡ ᠶᠢ ᠳᠠᠶᠢᠴᠢᠯᠠᠵᠤ ᠂ ᠬᠥᠳᠡᠭᠡ ᠲᠣᠰᠬᠣᠨ ᠢ ᠪᠥᠬᠥ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠶ᠃     ᠣᠶᠢᠯᠠᠭᠠᠭᠰᠠᠨ ᠢᠶᠠᠷ᠂ ᠬᠠᠷᠠᠴᠢᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠨᠡᠪᠴᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠶᠢᠨ ᠱᠠᠨ ᠲᠣᠮᠣ ᠠᠰᠠᠷ ᠤᠨ 5 ᠳ᠋ᠤᠭᠠᠷ ᠳᠠᠪᠬᠤᠷᠯᠢᠭ ᠲᠤ ᠪᠠᠶᠢᠷᠢᠯᠠᠵᠤ᠂ 100 ᠲᠦᠮᠡᠨ ᠲᠥᠭᠦᠷᠢᠭ ᠤᠨ ᠪᠠᠯᠠ ᠣᠷᠣᠭᠤᠯᠤᠨ 1100 ᠲᠡᠭᠰᠢ ᠳᠥᠷᠪᠡᠯᠵᠢᠨ ᠮᠧᠲᠷ ᠤᠨ ᠬᠤᠳᠠᠯᠳᠤᠭᠠᠨ ᠤ ᠲᠢᠩᠬᠢᠮ ᠢ ᠥᠭᠡᠷᠡᠴᠢᠯᠡᠬᠦ ᠪᠠᠷ ᠲᠥᠯᠥᠪᠯᠡᠵᠦ ᠪᠣᠶ᠃ ᠪᠠᠷᠢᠮᠵᠢᠶᠠᠵᠢᠭᠤᠯᠤᠭᠰᠠᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠰᠤᠭ 14 ᠶᠢ ᠪᠠᠶᠢᠭᠤᠯᠬᠤ ᠪᠠᠷ ᠲᠥᠯᠥᠪᠯᠡᠵᠦ᠂ ᠲᠥᠷᠥᠯ ᠵᠦᠢᠯ ᠢ ᠡᠵᠡᠩᠨᠡᠭᠰᠡᠨ ᠤ ᠳᠠᠷᠠᠭ᠎ᠠ᠂ ᠵᠢᠯ ᠤᠨ ᠡᠵᠡᠩᠨᠡᠯᠲᠡ ᠶᠢᠨ ᠶᠡᠷᠦᠩᠬᠡᠶ ᠣᠷᠣᠯᠭ᠎ᠠ ᠨᠢ 2400 ᠲᠦᠮᠡᠨ ᠲᠥᠭᠦᠷᠢᠭ  ᠡᠴᠡ 12800 ᠲᠦᠮᠡᠨ ᠲᠥᠭᠦᠷᠢᠭ᠂ ᠠᠰᠢᠭ ᠭᠠᠶᠢᠯᠢ ᠨᠢ 240 ᠲᠦᠮᠡᠨ ᠲᠥᠭᠦᠷᠢᠭ  ᠡᠴᠡ 1280 ᠲᠦᠮᠡᠨ ᠲᠥᠭᠦᠷᠢᠭ ᠪᠣᠯᠤᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号